ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠣᠷᠣᠨ ᠳᠤ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ ᠰᠦᠨ ᠱᠣᠣ ᠴᠧᠩ ᠪᠣᠯᠣᠨ ᠸᠠᠩ ᠯᠢ ᠰᠢᠶᠠ ᠯᠣᠪᠰᠠᠩᠵᠠᠯᠰᠠᠨ ᠲᠠᠢ ᠪᠠᠷᠠᠳᠠᠨ ᠠᠭᠤᠯᠵᠠᠪᠠ ᠪᠠᠶᠠᠨᠴᠢᠯᠠᠭᠤ ᠳ᠋ᠤᠸᠠᠨ ᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2024/7/19
       7 ᠰᠠᠷ᠎ᠠ ᠶᠢᠨ 5 ᠠᠴᠠ 11 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠣᠪᠰᠠᠩᠵᠠᠯᠰᠠᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ 7 ᠰᠠᠷ᠎ᠠ ᠶᠢᠨ 5 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠯᠣᠪᠰᠠᠩᠵᠠᠯᠰᠠᠨ ᠲᠠᠢ ᠪᠠᠷᠠᠳᠠᠨ ᠠᠭᠤᠯᠵᠠᠪᠠ᠃       ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠪᠠ᠃ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠣᠪᠰᠠᠩᠵᠠᠯᠰᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠲᠥᠯᠥᠭᠡᠯᠡᠨ ᠮᠠᠨ ᠤ ᠣᠷᠣᠨ ᠤ ᠦᠨᠳᠦᠰᠦᠲᠡᠨ ᠤ ᠬᠠᠤᠯᠢᠵᠢᠯ ᠤᠨ ᠪᠠᠶᠢᠭᠤᠯᠤᠯᠲᠠ ᠳᠤ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠣᠶᠢᠷ᠎ᠠ ᠶᠢᠨ ᠵᠢᠯ ᠳᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠮᠠᠰᠢ ᠤᠯᠠᠨ ᠠᠵᠢᠯ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠪᠠ ᠭᠡᠵᠦ ᠵᠢᠭᠠᠵᠤ ᠭᠠᠷᠭᠠᠪᠠ᠃ ᠲᠡᠷᠡ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠢᠯᠠᠩᠭᠤᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠣᠶᠢᠯᠠᠭᠠᠭᠳᠠᠬᠤᠨ ᠮᠥᠨ ᠭᠡᠳᠡᠭ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠤᠷᠢᠳ ᠬᠤᠵᠢᠳ ᠭᠦᠭᠡᠬᠤᠲᠠ᠂ ᠣᠷᠳᠣᠰ ᠬᠤᠳᠠ᠂ ᠪᠤᠭᠤᠲᠤ ᠬᠤᠳᠠ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠬᠦᠷᠴᠦ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃       ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠡᠷᠭᠢᠯᠡᠭᠴᠢ ᠭᠡᠰᠢᠭᠦᠨ ᠪᠠᠶᠠᠨᠴᠢᠯᠠᠭᠤ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠭᠢᠯᠡᠭᠴᠢ ᠳ᠋ᠤᠸᠠᠨ ᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ᠂ ᠳ᠋ᠢᠩ ᠰᠢᠤ ᠹᠧᠩ᠂ ᠢᠦᠢ ᠯᠢ ᠰᠢᠨ᠂ ᠠᠢ ᠯᠢ ᠬᠤᠸᠠ᠂ ᠳᠠᠶᠢᠴᠢᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ᠃    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ