ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/19
       7 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠲᠠᠯᠠᠩ ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠰᠡᠳᠡᠷᠡᠭᠰᠡᠨ ᠲᠤᠬᠠᠢ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠣᠨᠴᠠᠭᠠᠶ ᠴᠠᠭ ᠠᠭᠤᠷ ᠪᠣᠯᠣᠨ ᠬᠦᠨᠳᠦ ᠶᠡᠭᠡ ᠭᠠᠮᠰᠢᠭ ᠢ ᠪᠦᠲᠦᠮᠵᠢᠲᠡᠶ ᠠᠷᠭᠠᠴᠠᠭᠠᠬᠤ ᠬᠡᠷᠡᠭᠲᠡᠢ᠃ ᠠᠶᠤᠯ ᠭᠡᠮ ᠲᠠᠢ ᠤᠰᠤᠨ ᠴᠥᠭᠦᠷᠥᠮ᠂ ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠬᠦ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ ᠦᠶᠡᠷ ᠠᠴᠠ ᠡᠮᠦᠨ᠎ᠡ ᠴᠠᠭᠳᠠᠨ ᠪᠠᠶᠢᠴᠠᠭᠠᠵᠤ ᠪᠠᠶᠢᠴᠠᠭᠠᠨ ᠦᠵᠡᠵᠦ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠪᠦᠭᠦ ᠬᠦᠴᠦᠨ ᠢᠶᠠᠷ ᠢᠶᠠᠨ ᠴᠡᠭᠴᠡᠯᠡᠨ ᠵᠠᠰᠠᠬᠤ ᠬᠡᠷᠡᠭᠲᠡᠢ᠃ ᠴᠠᠭ ᠠᠭᠤᠷ ᠤᠨ ᠬᠤᠪᠢᠷᠠᠯᠲᠠ ᠪᠣᠯᠣᠨ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ᠂ ᠤᠷᠢᠳᠴᠢᠯᠠᠨ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠡᠳ᠋ ᠪᠣᠳᠠᠰ ᠨᠥᠭᠡᠴᠡᠯᠡᠬᠦ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠭᠠᠷᠪᠠᠯ ᠦᠳᠲᠡᠷ ᠲᠦᠷᠭᠡᠨ ᠬᠥᠳᠡᠯᠦᠯᠴᠡᠵᠦ᠂ ᠪᠦᠭᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠡᠷᠲᠡ ᠤᠨᠲᠠᠷᠠᠭᠠᠵᠤ ᠪᠠᠭ᠎ᠠ ᠳᠤᠨᠢ ᠤᠨᠲᠠᠷᠠᠭᠠᠬᠤ ᠶᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ ᠶᠢᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠯᠤᠭ᠎ᠠ ᠶᠢᠨ ᠬᠤᠯᠪᠣᠭᠳᠠᠯ ᠪᠦᠬᠦᠢ ᠲᠠᠯ᠎ᠠ ᠵᠢᠴᠢ ᠭᠠᠵᠠᠷ ᠣᠷᠣᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠲᠦᠷᠭᠡᠳᠬᠡᠨ ᠳᠡᠭᠡᠭᠰᠢᠯᠡᠭᠦᠯᠭᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠶᠢᠨ ᠬᠤᠯᠪᠣᠭᠳᠠᠯ ᠪᠦᠬᠦᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢ ᠳᠡᠭᠡᠭᠰᠢᠯᠡᠭᠦᠯᠭᠦ᠂ ᠭᠤᠣᠯ ᠬᠡᠰᠡᠭ ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠨᠠᠩ ᠣᠯᠠᠨ ᠦᠷ᠎ᠡ ᠪᠦᠲᠦᠭᠡᠯ ᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠲᠥᠷᠥᠯ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠢᠳᠡᠪᠬᠢᠲᠡᠢ ᠭᠥᠯᠢᠶᠡᠨ ᠠᠪᠬᠤ ᠪᠠ ᠰᠠᠶᠢᠲᠤᠷ ᠡᠷᠭᠢᠯᠡᠵᠦ᠂ ᠣᠯᠠᠨ ᠤᠯᠤᠰ ᠤᠨ ᠨᠥᠭᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠭᠠᠳᠠᠭᠠᠳᠤ ᠯᠤᠭ᠎ᠠ ᠶᠢᠨ ᠪᠣᠬᠢᠷᠳᠤᠯ ᠦᠭᠡᠢ ᠬᠥᠭᠵᠢᠯᠲᠡ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠲᠤᠬᠠᠢ ᠱᠠᠭᠠᠷᠳᠠᠯᠭ᠎ᠠ ᠳᠤᠷᠠᠳᠴᠠᠢ᠃       ᠬᠤᠷᠠᠯ ᠠᠴᠠ᠂ ᠨᠢᠳᠤᠨᠤᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠤᠯᠬᠤ ᠪᠥᠭᠡᠳ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠨᠤᠲᠠᠯᠠᠯᠲᠠ ᠶᠢ ᠳᠤᠷᠠᠳᠴᠠᠢ᠃ ᠨᠢᠭᠡ ᠵᠢᠯ ᠭᠠᠷᠤᠢ ᠶᠢᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠣᠭᠲᠠᠭᠠᠯ ᠪᠠ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ︽28 ᠵᠤᠷᠪᠤᠰ ᠪᠣᠳᠠᠲᠠᠢ ᠠᠷᠭ᠎ᠠ ᠬᠡᠮᠵᠢᠶ᠎ᠡ︾ ᠶᠢ ᠲᠣᠭᠲᠠᠭᠠᠨ ᠨᠡᠶᠢᠲᠡᠯᠡᠵᠦ᠂ ᠡᠯ᠎ᠡ ᠲᠠᠯ᠎ᠠ ᠶᠢᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠯᠦᠭᠡ ᠨᠢᠭᠲᠠ ᠤᠶᠠᠯᠳᠤᠭᠤᠯᠤᠨ ᠥᠷᠨᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠡᠯ᠎ᠡ ᠱᠠᠲᠤᠨ ᠤ ᠬᠢᠨ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠦᠨ᠂ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ᠃ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ︽ᠳᠡᠭᠡᠷ᠎ᠡ ᠱᠠᠲᠤ ᠨᠢ ᠢᠳᠡᠪᠬᠢᠲᠡᠢ ᠳᠣᠣᠷ᠎ᠠ ᠱᠠᠲᠤ ᠨᠢ ᠨᠠᠵᠠᠭᠠᠢ ᠬᠠᠨᠳᠤᠬᠤ︾᠂ ︽ᠳᠣᠣᠷ᠎ᠠ ᠱᠠᠲᠤ ᠨᠢ ᠳᠡᠭᠡᠷ᠎ᠡ ᠱᠠᠲᠤᠨ ᠤ ᠬᠢ ᠶᠢ ᠲᠡᠷᠡ ᠬᠡᠪ ᠢᠶᠠᠷ ᠨᠢ ᠰᠢᠯᠵᠢᠭᠦᠯᠬᠦ︾ ᠶᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ᠃ ᠤᠯᠠᠨ ᠲᠦᠮᠡᠨ ᠳᠠᠬᠢ ᠤᠬᠠᠭᠤᠯᠭ᠎ᠠ ᠬᠥᠮᠦᠵᠢᠯ ᠢ ᠴᠢᠩᠭᠠᠳᠬᠠᠬᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠣᠭᠲᠠᠭᠠᠬᠤ᠂ ᠡᠯ᠎ᠡ ᠲᠦᠷᠦᠯ ᠤᠨ ᠨᠥᠬᠦᠪᠦᠷᠢ ᠶᠢ ᠲᠠᠷᠬᠠᠭᠠᠬᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠶᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭᠲᠠᠢ ᠪᠠᠶᠢᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ ᠢ ᠨᠢ ᠴᠢᠩᠭᠠᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ