ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ ᠪᠣᠣ ᠰᠢᠶᠠᠨ ᠬᠤᠸᠠ ᠶᠠᠩ ᠵᠢᠶᠧ ᠣᠷᠣᠯᠴᠠᠵᠠᠢ
ᠨᠡᠶᠢᠲᠡᠯᠡᠭᠰᠡᠨ ᠴᠠᠭ᠄
2024/7/19
       7 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠡᠬᠢᠯᠡᠪᠡ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠪᠠᠶᠠᠷ ᠤᠨ ᠦᠭᠡ ᠬᠡᠯᠡᠵᠡᠢ᠃       ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠭᠤᠣᠯᠯᠠᠨ ᠡᠷᠬᠢᠯᠡᠭᠰᠡᠨ ᠪᠥᠭᠡᠳ᠂ ᠬᠦᠨᠳᠦ ᠬᠥᠩᠭᠡᠨ ᠲᠠᠮᠢᠷ᠂ ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠲᠣᠣᠷ ᠪᠥᠮᠪᠦᠭᠡ᠂ ᠦᠱᠦ᠂ ᠭᠤᠸᠠᠵᠢᠯ ᠤᠨ ᠲᠠᠮᠢᠷ᠂ ᠳᠡᠭᠡᠰᠦ ᠦᠰᠦᠷᠬᠦ᠂ ᠪᠥᠬᠡ ᠵᠡᠷᠭᠡ 10 ᠶᠡᠭᠡ ᠲᠥᠷᠥᠯ᠂ 170 ᠪᠠᠭ᠎ᠠ ᠲᠥᠷᠥᠯ ᠲᠠᠢ᠂ ᠠᠩᠬ᠎ᠠ ᠳᠤᠮᠳᠠᠳᠤ ᠶᠢᠨ ᠳᠤᠭᠤᠶᠢᠯᠠᠩ ᠪᠠ ᠳᠡᠭᠡᠳᠦ ᠳᠤᠮᠳᠠᠳᠤ ᠶᠢᠨ ᠳᠤᠭᠤᠶᠢᠯᠠᠩ ᠭᠡᠵᠦ ᠬᠤᠪᠢᠶᠠᠵᠠᠢ᠃     
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ