ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠦ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/7/19
       7 ᠰᠠᠷ᠎ᠠ ᠶᠢᠨ 8 ᠤ ᠡᠳᠦᠷ᠂ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤᠮᠳᠠᠬᠢ ᠥᠪᠥᠷ ᠮᠣᠩᠭᠤᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠶᠢᠨ ᠴᠡᠭ ᠪᠤᠯᠭᠠᠵᠤ᠂ ᠡᠬᠢ ᠪᠠᠶᠠᠯᠢᠭ ᠬᠦᠴᠦᠨ ᠴᠢᠳᠠᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
20240719-1-1.jpg
       7 ᠰᠠᠷ᠎ᠠ ᠶᠢᠨ 8 ᠤ ᠡᠳᠦᠷ᠂ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠮᠠ ᠵᠢᠶᠠᠨ ᠴᠢᠤᠸᠠᠨ ᠰᠡᠭᠦᠳᠡᠷᠯᠡᠪᠡ       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠰᠠᠨᠠᠯ︾ ᠳᠤ ᠲᠠᠶᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾ ᠳᠤ ᠲᠠᠶᠢᠯᠤᠮᠵᠢ ᠬᠢᠪᠡ᠃ ᠰᠦᠨ ᠱᠤᠤ ᠴᠧᠩ᠂ ᠸᠠᠩ ᠯᠢ ᠰᠢᠶᠠ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠦᠷᠲᠡᠭᠴᠢ ᠵᠠᠩ ᠾᠧ ᠫᠢᠩ᠂ ᠯᠦ ᠵᠠᠨ ᠶᠤᠸᠠᠨ ᠳᠤ ᠱᠠᠩᠨᠠᠯ ᠤᠨ ᠮᠥᠩᠭᠦ ᠣᠯᠭᠤᠵᠤ᠂ ᠳᠠᠯᠠᠨ ᠬᠠᠷ᠎ᠠ ᠠᠭᠤᠯᠠ ᠲᠤᠷᠰᠢᠯᠲᠠ ᠶᠢᠨ ᠲᠠᠰᠤᠭ᠂ ᠣᠷᠳᠣᠰ ᠲᠤᠷᠰᠢᠯᠲᠠ ᠶᠢᠨ ᠲᠠᠰᠤᠭ ᠲᠤ ᠫᠠᠶᠢᠰᠠ ᠣᠯᠭᠤᠪᠠ᠃       ᠰᠦᠨ ᠱᠤᠤ ᠴᠧᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠭᠡᠢ ᠪᠣᠯ ᠤᠷᠤᠭᠰᠢᠯᠠᠬᠤ᠂ ᠳᠠᠪᠰᠢᠬᠤ ᠲᠤᠯᠭᠠᠭᠤᠷᠢᠯᠠᠯ ᠪᠠᠶᠢᠵᠤ ᠴᠢᠳᠠᠬᠤ ᠦᠭᠡᠢ ᠶᠤᠮ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠶᠢ ᠬᠥᠭᠵᠢᠭᠰᠡᠨ ᠭᠠᠵᠠᠷ ᠣᠷᠣᠨ ᠤ ᠬᠢ ᠲᠠᠢ ᠬᠠᠷᠢᠴᠠᠭᠤᠯᠪᠠᠯ ᠪᠠᠭ᠎ᠠ ᠪᠤᠰᠤ ᠵᠥᠷᠢᠶ᠎ᠡ ᠲᠠᠢ ᠶᠤᠮ᠂ ᠢᠩᠭᠢᠬᠦ ᠲᠤᠳᠤᠮ ᠨᠡᠩ ᠢᠯᠡᠭᠦᠦ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠬᠤ ᠬᠡᠷᠡᠭᠲᠡᠢ᠃ ᠣᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠮᠠᠨ ᠤ ᠣᠷᠣᠨ ᠤ ᠵᠠᠷᠢᠮ ᠬᠦᠷᠢᠶᠡᠨ ᠤ ᠮᠡᠷᠭᠡᠵᠢᠯ ᠡᠮᠦᠨ᠎ᠡ ᠡᠩᠨᠡᠭᠡᠨ ᠳᠤ ᠬᠤᠰᠢᠭᠤᠷᠠᠵᠤ᠂ ᠡᠨᠡ ᠬᠤᠶᠠᠷ ᠵᠢᠯ ᠳᠤ ᠪᠦᠭᠦ ᠣᠷᠣᠨ ᠤ ᠤᠯᠤᠰ ᠤᠨ ᠲᠠᠰ ᠤᠨ ᠱᠠᠩᠨᠠᠯ ᠭᠥᠷᠳᠡᠭᠰᠡᠨ ᠪᠠ ᠤᠯᠤᠰ ᠤᠨ ᠲᠠᠰ ᠤᠨ ᠲᠥᠯᠥᠪᠯᠡᠭᠡ ᠳᠤ ᠣᠷᠣᠭᠰᠠᠨ ᠴᠢᠳᠠᠪᠤᠷᠢᠲᠠᠨ ᠤ ᠲᠤᠭ᠎ᠠ ᠶᠡᠭᠡ ᠪᠠᠷ ᠳᠡᠭᠡᠭᠰᠢᠯᠡᠵᠦ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠲᠤᠬᠠᠢ ᠶᠢᠨ ᠭᠠᠵᠠᠷ ᠣᠷᠣᠨ ᠳᠠᠭᠠᠨ ᠣᠨᠳᠣᠣᠰᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠂ ᠡᠶᠢᠮᠦ ᠰᠠᠶᠢᠨ ᠬᠠᠨᠳᠤᠰᠢ ᠲᠠᠢ ᠪᠠᠶᠢᠬᠤ ᠶᠢᠨ ᠳᠡᠭᠡᠷ᠎ᠡ ᠤᠯᠤᠰ ᠠᠴᠠ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠭᠰᠡᠨ ᠠᠴᠠ ᠮᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠠᠯᠤᠰ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠶᠤᠮ᠃ ᠣᠷᠣᠨ ᠳᠠᠶᠠᠭᠠᠷ ᠢᠶᠠᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ︽ᠪᠢ ᠬᠥᠮᠥᠨ ᠢ ᠬᠦᠷᠬᠦ ᠦᠭᠡᠢ︾ ᠭᠡᠬᠦ ᠪᠤᠳᠤᠯ ᠢᠶᠠᠨ ᠲᠠᠶᠠᠭᠳᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠯᠠᠪᠳᠠᠭᠤᠨ ᠪᠠᠲᠤᠲᠠᠢ ᠠᠵᠢᠯᠯᠠᠵᠤ᠂ ᠴᠤᠴᠠᠯᠲᠠ ᠦᠭᠡᠢ ᠤᠷᠤᠭᠰᠢᠯᠠᠳᠠᠭ ᠯᠠ ᠶᠤᠮ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠯᠠᠪᠲᠠᠢ ᠭᠡᠷᠡᠯ ᠭᠢᠯᠪᠠᠭ᠎ᠠ ᠰᠠᠴᠤᠷᠠᠭᠤᠯᠬᠤ ᠪᠣᠯᠣᠨ᠎ᠠ ᠭᠡᠵᠡᠢ᠃       ᠰᠦᠨ ᠱᠤᠤ ᠴᠧᠩ᠂ ᠨᠢᠳᠤᠨᠤᠨ ᠵᠢᠯ ᠤᠨ ᠰᠡᠭᠦᠯᠴᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠪᠡ᠂ ︽ᠪᠦᠰᠡᠯᠡᠯᠲᠡ ᠰᠢᠪᠲᠤᠯᠬᠤ︾ ᠪᠣᠯ ᠠᠵᠢᠯ ᠤᠨ ᠠᠷᠭ᠎ᠠ ᠠᠪᠴᠠᠯ ᠮᠥᠨ᠂ ᠨᠡᠩ ᠴᠤ ᠨᠢᠭᠡ ᠵᠦᠢᠯ ᠤᠨ ᠣᠶᠢᠯᠠᠭᠠᠭᠳᠠᠬᠤᠨ ᠮᠥᠨ᠃ ᠬᠠᠷᠠᠯᠲᠠ ᠪᠠᠨ ᠪᠠᠲᠤ ᠡᠵᠡᠮᠳᠡᠵᠦ᠂ ᠪᠣᠬᠢᠷᠳᠤᠯ ᠦᠭᠡᠢ ᠬᠥᠭᠵᠢᠯᠲᠡ ᠪᠠᠷ ᠦᠨᠳᠦᠰᠦᠨ ᠭᠦᠭ ᠠᠶᠠᠰ ᠪᠤᠯᠭᠠᠵᠤ᠂ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ᠂ ᠳᠡᠭᠡᠳᠦ ᠴᠢᠳᠠᠪᠬᠢᠲᠤ ᠮᠠᠲ᠋ᠧᠷᠢᠶᠠᠯ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ᠂ ᠠᠮᠢ ᠨᠠᠰᠤᠨ ᠤ ᠡᠷᠡᠭᠦᠯ ᠮᠡᠨᠳᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠯᠭ᠎ᠠ ᠳᠠᠭᠠᠨ ᠵᠠᠪᠠᠯ ᠬᠦᠷᠬᠦ ᠬᠡᠷᠡᠭᠲᠡᠢ᠃ ᠡᠩ ᠤᠨ ᠵᠤᠷᠰᠢᠯ ᠢ ᠡᠪᠳᠡᠵᠦ᠂ ᠵᠠᠷᠤᠳᠠᠯ ᠤᠨ ᠣᠷᠣᠭᠤᠯᠤᠯᠲᠠ᠂ ᠠᠵᠢᠯᠲᠠᠨ ᠤ ᠴᠠᠯᠢᠩ ᠣᠯᠭᠤᠮᠵᠢ᠂ ᠴᠢᠬᠤᠯᠠ ᠬᠦᠴᠦᠨ ᠵᠦᠢᠯ ᠤᠨ ᠳᠡᠮᠵᠢᠯᠭᠡ᠂ ᠦᠢᠯᠡᠴᠢᠯᠡᠭᠡ ᠪᠠᠲᠤᠯᠠᠭ᠎ᠠ ᠵᠡᠷᠭᠡ ᠲᠠᠯ᠎ᠠ ᠪᠠᠷ ᠤᠨᠴᠠᠭᠠᠢ ᠠᠷᠭ᠎ᠠ ᠬᠡᠮᠵᠢᠶ᠎ᠡ ᠠᠪᠴᠤ ᠂ ᠤᠨᠴᠠᠭᠠᠢ ᠪᠠᠷ ᠭᠦᠢᠴᠡᠳᠬᠡᠬᠦ ᠶᠣᠰᠣᠲᠠᠢ ᠤᠨᠴᠠᠭᠠᠢ ᠶᠠᠪᠤᠳᠠᠯ ᠢ ᠨᠢ ᠤᠨᠴᠠᠭᠠᠢ ᠪᠠᠷ ᠭᠦᠢᠴᠡᠳᠬᠡᠬᠦ ᠬᠡᠷᠡᠭᠲᠡᠢ᠃ ᠳᠦᠷᠢᠮ ᠲᠣᠭᠲᠠᠭᠠᠯ ᠢ ᠡᠷᠬᠢᠮᠯᠡᠨ᠂ ︽ᠪᠦᠰᠡᠯᠡᠯᠲᠡ ᠰᠢᠪᠲᠤᠯᠬᠤ︾ ᠶᠡᠷᠦᠩᠬᠡᠢ ᠬᠠᠷᠠᠯᠲᠠ ᠶᠢᠨ ᠲᠣᠭᠤᠷᠢᠨ ᠳᠤ ᠳᠡᠰ ᠳᠠᠪᠬᠤᠷᠭ᠎ᠠ ᠬᠤᠪᠢᠶᠠᠨ ᠪᠠᠶᠢᠯᠳᠤᠵᠤ᠂ ᠤᠯᠠᠨ ᠲᠠᠯ᠎ᠠ ᠪᠠᠷ ︽ᠪᠦᠰᠡᠯᠡᠯᠲᠡ ᠰᠢᠪᠲᠤᠯᠬᠤ︾᠂ ᠪᠦᠭᠦ ᠱᠤᠭᠤᠮ ᠢᠶᠠᠷ ︽ᠪᠦᠰᠡᠯᠡᠯᠲᠡ ᠰᠢᠪᠲᠤᠯᠬᠤ︾ ᠪᠠᠷ ᠴᠢᠷᠮᠠᠶᠢᠬᠤ ᠬᠡᠷᠡᠭᠲᠡᠢ ᠭᠡᠵᠡᠢ᠃       ᠰᠦᠨ ᠱᠤᠤ ᠴᠧᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠨᠡᠬᠡᠨ ᠭᠦᠢᠴᠡᠵᠦ ᠳᠠᠪᠠᠨ ᠭᠠᠷᠬᠤ ᠶᠢ ᠪᠡᠶᠡᠯᠡᠭᠦᠯᠬᠦ ᠳᠤ ᠪᠠᠶᠢᠭᠤᠯᠤᠮᠵᠢ ᠲᠣᠭᠲᠠᠴᠠ ᠨᠢ ᠵᠠᠪᠠᠯ ᠠᠮᠢᠳᠤᠯᠢᠭ ᠪᠠᠶᠢᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠬᠥᠮᠥᠵᠢᠭᠦᠯᠬᠦ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠶᠢᠨ ᠰᠠᠶᠢᠬᠠᠨ ᠨᠥᠬᠦᠴᠡᠯ ᠢᠶᠠᠷ ᠬᠥᠮᠥᠨ ᠢ ᠣᠷᠣᠭᠤᠯᠤᠨ ᠠᠪᠴᠢᠷᠠᠵᠤ᠂ ᠠᠯᠤᠰ ᠭᠡᠳᠦ ᠶᠢᠨ ᠬᠠᠷᠠᠴᠠ ᠪᠠᠷ ᠬᠥᠮᠥᠨ ᠢ ᠬᠥᠮᠥᠵᠢᠭᠦᠯᠵᠦ᠂ ᠡᠯ᠎ᠡ ᠬᠦᠷᠢᠶ᠎ᠡ ᠡᠯ᠎ᠡ ᠳᠠᠪᠬᠤᠷᠭ᠎ᠠ ᠶᠢᠨ ᠲᠦᠷᠦ ᠶᠢᠨ ᠪᠣᠳᠣᠯᠭ᠎ᠠ᠂ ᠳᠦᠷᠢᠮ ᠴᠥᠮ ᠡᠭᠦᠨ ᠳᠤ ᠬᠦᠴᠦ ᠣᠷᠣᠭᠤᠯᠤᠨ᠂ ᠲᠦᠭᠦᠮ ᠦᠵᠡᠭᠦᠯᠵᠦ ᠳᠡᠶᠢᠯᠭᠦ ᠵᠦᠢᠯ ᠳᠤ ᠡᠷᠬᠡᠪᠰᠢ ᠲᠦᠭᠦᠮ ᠦᠵᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠰᠠᠶᠢᠲᠤᠷ ᠪᠡᠯᠡᠳᠬᠡᠨ ᠬᠡᠷᠡᠭᠯᠡᠵᠦ᠂ ᠵᠣᠭᠤᠰ ᠢᠶᠠᠨ ᠤᠨᠢᠨ ᠳᠡᠭᠡᠷ᠎ᠡ ᠨᠢ ᠵᠠᠷᠤᠵᠤ᠂ ᠵᠣᠭᠤᠰ ᠢ ᠵᠠᠷᠤᠬᠤ ᠳᠤ ᠳᠦᠭᠦᠮ ᠪᠤᠯᠭᠠᠬᠤ ᠬᠡᠷᠡᠭᠲᠡᠢ᠃ ᠤᠳᠤ ᠶᠢᠨ ᠪᠠᠶᠢᠭ᠎ᠠ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠠᠰᠢᠭᠯᠠᠵᠤ᠂ ᠨᠢᠭᠡ ᠪᠦᠯᠦᠭ ᠤᠯᠤᠰ ᠤᠨ ᠲᠡᠰ ᠤᠨ ᠰᠢᠨ᠎ᠡ ᠲᠠᠪᠴᠠᠩ ᠢ ᠴᠢᠷᠮᠠᠶᠢᠨ ᠪᠠᠶᠢᠭᠤᠯᠵᠤ᠂ ᠰᠤᠳᠤᠯᠤᠨ ᠨᠡᠭᠡᠭᠡᠯᠲᠡ ᠳᠤ ︽ᠲᠠᠪᠴᠠᠩ︾ ᠢ ᠰᠠᠶᠢᠲᠤᠷ ᠴᠣᠭᠴᠠᠯᠠᠵᠤ ᠥᠭᠬᠦ ᠬᠡᠷᠡᠭᠲᠡᠢ᠃ ᠬᠡᠷᠡᠭᠴᠡᠭᠡ ᠪᠠᠷ ᠲᠦᠷᠦᠯ ᠵᠦᠢᠯ ᠢ ᠲᠣᠭᠲᠠᠭᠠᠬᠤ᠂ ᠬᠠᠩᠭᠠᠯᠭ᠎ᠠ ᠬᠡᠷᠡᠭᠴᠡᠭᠡ ᠶᠢ ᠤᠷᠢᠳᠴᠢᠯᠠᠨ ᠵᠣᠯᠭᠠᠭᠤᠯᠬᠤ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠬᠤ ᠶᠢ ᠪᠠᠷᠢᠮᠲᠠᠯᠠᠵᠤ᠂ ᠰᠤᠳᠤᠯᠭᠠᠨ ᠨᠢ ᠬᠡᠷᠡᠭᠴᠡᠭᠡ ᠲᠠᠢ ᠪᠠᠶᠢᠬᠤ᠂ ᠬᠠᠩᠭᠠᠯᠭ᠎ᠠ ᠨᠢ ᠬᠡᠷᠡᠭᠴᠡᠭᠡ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠦᠷ᠎ᠡ ᠪᠦᠲᠦᠭᠡᠯ ᠢ ᠰᠠᠶᠢᠲᠤᠷ ᠣᠨᠳᠣᠣᠰᠢᠭᠤᠯᠤᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠭᠠᠲᠠᠳ ᠢ ᠨᠡᠷ᠎ᠡ ᠲᠦᠷᠦ ᠲᠠᠢ ᠪᠤᠯᠭᠠᠬᠤ ᠪᠥᠭᠡᠳ ᠪᠣᠳᠠᠲᠠᠢ ᠠᠰᠢᠭ ᠬᠦᠷᠲᠡᠭᠡᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠢᠮ᠎ᠡ ᠶᠣᠰᠣ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠣᠯᠣᠨ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠴᠢᠯᠦᠭᠡᠲᠡᠢ ᠰᠦᠪᠡᠭᠴᠢᠯᠡᠬᠦ ᠣᠷᠣᠨ ᠵᠠᠢ ᠣᠯᠭᠤᠵᠤ᠂ ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠴᠢᠩᠭᠠᠳᠬᠠᠵᠤ᠂ ᠥᠷᠭᠡᠨ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠨᠡᠩ ᠢᠯᠡᠭᠦᠦ ᠣᠶᠢᠯᠠᠭᠠᠭᠤᠯᠤᠨ ᠡᠵᠡᠮᠰᠢᠭᠦᠯᠵᠦ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ ᠭᠡᠪᠡ᠃       ᠰᠦᠨ ᠱᠤᠤ ᠴᠧᠩ᠂ ︽ᠪᠦᠰᠡᠯᠡᠯᠲᠡ ᠰᠢᠪᠲᠤᠯᠬᠤ︾᠂ ᠨᠡᠬᠡᠨ ᠭᠦᠢᠴᠡᠵᠦ ᠳᠠᠪᠠᠨ ᠭᠠᠷᠬᠤ ᠶᠢ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠲᠦᠢᠯ ᠤᠨ ᠴᠢᠬᠤᠯᠠ ᠶᠤᠮ᠃ ᠣᠷᠣᠨ ᠳᠠᠶᠠᠭᠠᠷ ᠢᠶᠠᠨ ᠰᠢᠨᠵᠢᠯᠡᠬᠦ ᠤᠬᠠᠭᠠᠨ ᠢ ᠳᠡᠭᠡᠳᠦᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠯᠢᠴᠡᠩᠭᠦᠢ ᠪᠤᠰᠤ ᠪᠠᠶᠢᠬᠤ ᠶᠢ ᠴᠢᠩᠭ᠎ᠠ ᠴᠡᠭᠡᠷᠯᠡᠵᠦ᠂ ᠬᠢᠷᠢ ᠭᠡᠮ ᠨᠠᠰᠤ ᠵᠢᠯ ᠦᠵᠡᠬᠦ ᠶᠢ ᠴᠢᠩᠭ᠎ᠠ ᠴᠡᠭᠡᠷᠯᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠨᠢᠭᠡᠳᠦᠯᠲᠡᠢ ᠲᠥᠯᠥᠪᠵᠢᠭᠦᠯᠦᠨ ᠬᠤᠯᠪᠤᠭᠠᠯᠠᠨ ᠬᠥᠳᠡᠯᠦᠯᠴᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠨ ᠴᠢᠭᠯᠡᠭᠦᠯᠦᠯᠲᠦ ᠴᠢᠨᠠᠷᠲᠠᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠣᠨᠣᠴᠠᠲᠠᠢ ᠵᠣᠯᠭᠠᠭᠤᠯᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠᠨ ᠴᠢᠩᠭᠠᠳᠬᠠᠵᠤ᠂ ᠯᠠᠪᠳᠠᠭᠤᠨ ᠪᠠᠲᠤᠲᠠᠢ ᠦᠨᠡᠨ ᠪᠣᠳᠠᠲᠠᠢ ᠪᠠᠷ ᠰᠤᠳᠤᠯᠤᠨ ᠨᠡᠭᠡᠭᠡᠬᠦ ᠬᠡᠷᠡᠭᠲᠡᠢ᠃ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ︾ ᠵᠣᠷᠢᠭ ᠢ ᠡᠪᠦᠷᠯᠡᠨ ᠨᠢᠭᠡ ᠰᠡᠳᠬᠢᠯ ᠢᠶᠠᠷ ᠰᠤᠳᠤᠯᠵᠤ᠂ ᠲᠠᠷᠢᠶᠠᠨ ᠭᠠᠵᠠᠷ᠂ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠢᠯᠡᠭᠦᠬᠡᠨ ᠭᠦᠨᠵᠡᠭᠡᠶᠢᠷᠡᠵᠦ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ ᠭᠡᠪᠡ᠃       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠳᠣᠰ ᠬᠤᠲᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠴᠠᠭᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠺᠤᠮᠫᠠᠨᠢ᠂ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠢᠷᠣᠢ ᠲᠣᠭᠲᠠᠮᠠᠯ ᠰᠣᠷᠢᠨᠵᠢᠨ ᠤ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃       ᠬᠤᠷᠠᠯ ᠨᠢ ᠸᠢᠳᠢᠤ᠋ ᠶᠢᠨ ᠭᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠣᠯᠳᠠᠯᠭ᠎ᠠ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠢᠴᠢ ᠰᠢᠨ᠎ᠡ ᠶᠢ ᠡᠭᠦᠳᠬᠦ ᠲᠠᠪᠴᠠᠩ ᠤᠨ ᠭᠤᠣᠯ ᠬᠠᠷᠢᠭᠤᠴᠠᠯᠭᠠᠲᠠᠨ ᠨᠥᠬᠦᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ