7 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠮᠠᠨ ᠤ ᠣᠷᠣᠨ ᠳᠤ | ᠲᠣᠭᠤᠷᠢᠨ ᠦᠵᠡᠵᠦ ᠰᠤᠷᠪᠤᠯᠵᠢᠯᠠᠬᠤ ᠪᠠᠷ ᠢᠷᠡᠭᠰᠡᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ᠃ | | | | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠳᠤᠮᠳᠠᠳᠤ ᠤᠯᠤᠰ ᠲᠤ | ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ | ᠪᠠᠶᠢᠭᠠᠯᠢ ᠶᠢᠨ ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠪᠠᠶᠢᠳᠠᠯ ᠵᠡᠷᠭᠡ ᠶᠢ ᠲᠠᠨᠢᠯᠴᠠᠭᠤᠯᠪᠠ᠃ ᠲᠡᠷᠡ᠂ | ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠢ ᠮᠠᠰᠢ ᠬᠠᠯᠠᠮᠵᠢᠯᠠᠵᠤ᠂ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ | ᠪᠢᠳᠡ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠣᠲᠣ | ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠭᠠᠳᠠᠭᠠᠳᠤ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠵᠦ᠂ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ ᠪᠥᠭᠡᠳ | ᠵᠢᠭᠤᠯᠴᠢᠯᠠᠯ ᠤᠨ ᠡᠬᠢ ᠪᠠᠶᠠᠯᠢᠭ ᠴᠤ ᠮᠠᠰᠢ ᠡᠯᠪᠡᠭ ᠪᠠᠶᠠᠯᠢᠭ ᠶᠤᠮ᠂ ᠡᠯᠴᠢᠨ ᠰᠠᠶᠢᠳ ᠨᠠᠶᠢᠵᠠ ᠨᠠᠷ ᠤᠨ ᠦᠷᠭᠦᠯᠵᠢ ᠢᠷᠡᠵᠤ ᠲᠣᠭᠤᠷᠢᠨ ᠦᠵᠡᠵᠦ᠂ ᠮᠠᠨ ᠤ | ᠣᠷᠣᠨ ᠤ ᠨᠤᠲᠤᠭ ᠤᠨ ᠵᠠᠩᠰᠢᠯ ᠠᠷᠠᠳ ᠤᠨ ᠳᠠᠳᠬᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠥᠪᠥᠷ ᠮᠣᠩᠭᠤᠯ ᠳᠠᠬᠢ ᠦᠢᠯᠡᠳᠦᠯᠭᠡ ᠶᠢ ᠣᠶᠢᠯᠠᠭᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠭᠤᠷᠤᠨᠳᠤᠭᠢ ᠨᠥᠬᠦᠷᠯᠡᠯ ᠢᠶᠠᠨ ᠵᠤᠵᠠᠭᠠᠳᠬᠠᠬᠤ ᠶᠢ | ᠪᠠᠶᠠᠷᠯᠠᠨ ᠤᠭᠲᠤᠵᠤ ᠪᠠᠶᠢᠨ᠎ᠠ᠃ ᠤᠯᠠᠨ ᠢᠶᠠᠷ ᠢᠶᠠᠨ ᠥᠪᠥᠷ ᠮᠣᠩᠭᠤᠯ ᠢ ᠢᠯᠡᠭᠦᠬᠡᠨ ᠤᠬᠠᠭᠤᠯᠤᠨ ᠲᠠᠨᠢᠯᠴᠠᠭᠤᠯᠵᠤ᠂ ᠬᠤᠯᠪᠣᠭᠳᠠᠯ ᠪᠦᠬᠦᠢ ᠲᠠᠯ᠎ᠠ ᠪᠣᠯᠣᠨ ᠭᠠᠵᠠᠷ | ᠣᠷᠣᠨ ᠤ ᠮᠠᠨ ᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠡᠯᠴᠢᠨ ᠰᠠᠶᠢᠳ ᠨᠠᠶᠢᠵᠠ ᠨᠠᠷ ᠤᠨ ᠳᠤᠷᠠᠳᠤᠭᠰᠠᠨ ᠰᠣᠯᠢᠯᠴᠠᠭ᠎ᠠ ᠬᠠᠮᠲᠤᠷᠠᠯᠴᠠᠭ᠎ᠠ ᠬᠢᠬᠦ | ᠰᠠᠨᠠᠭᠤᠯᠭ᠎ᠠ ᠶᠢᠨ ᠲᠤᠬᠠᠢ ᠰᠦᠨ ᠱᠤᠤ ᠴᠧᠩ᠂ ᠥᠪᠥᠷ ᠮᠣᠩᠭᠤᠯ ᠮᠠᠰᠢ ᠳᠤᠷᠠᠲᠠᠶ᠎ᠠ ᠡᠯᠴᠢᠨ ᠰᠠᠶᠢᠳ ᠨᠠᠷ ᠤᠨ ᠥᠪᠡᠷ ᠤᠨ ᠪᠠᠶᠢᠭ᠎ᠠ ᠤᠯᠤᠰ ᠤᠳ ᠤᠨ | ᠬᠤᠯᠪᠣᠭᠳᠠᠯ ᠪᠦᠬᠦᠢ ᠲᠠᠯ᠎ᠠ ᠵᠢᠴᠢ ᠭᠠᠵᠠᠷ ᠣᠷᠣᠨ ᠯᠤᠭ᠎ᠠ ᠨᠥᠭᠦᠷᠰᠡᠭ ᠰᠣᠯᠢᠯᠴᠠᠭ᠎ᠠ ᠥᠷᠨᠢᠭᠦᠯᠵᠦ᠂ ᠤᠯᠠᠨ ᠲᠠᠯ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ | ᠪᠠᠶᠢᠭᠤᠯᠵᠤ᠂ ᠭᠠᠳᠠᠭᠠᠳᠤ ᠶᠠᠪᠤᠳᠠᠯ ᠤᠨ ᠶᠠᠮᠤᠨ ᠵᠢᠴᠢ ᠳᠤᠮᠳᠠᠳᠤ ᠤᠯᠤᠰ ᠤᠨ ᠤᠯᠠᠨ ᠨᠡᠶᠢᠲᠡ ᠶᠢᠨ ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠵᠢᠯᠣᠭᠤᠳᠤᠯᠭ᠎ᠠ | ᠳᠣᠣᠷ᠎ᠠ ᠡᠯ᠎ᠡ ᠲᠠᠯ᠎ᠠ ᠶᠢᠨ ᠬᠢᠨ ᠲᠠᠢ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠦᠨᠡᠨ ᠪᠣᠳᠠᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠪᠠᠷ | ᠴᠢᠷᠮᠠᠶᠢᠨ᠎ᠠ ᠭᠡᠵᠦ ᠢᠯᠡᠳᠬᠡᠪᠡ᠃ | | | | ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ᠂ ᠳᠤᠮᠳᠠᠳᠤ ᠤᠯᠤᠰ ᠲᠤ ᠰᠠᠭᠤᠭ᠎ᠠ ᠪᠦᠭᠦᠳᠡ | ᠨᠠᠶᠢᠷᠠᠮᠳᠠᠬᠤ ᠺᠠᠮᠧᠷᠦ᠋ᠨ ᠤᠯᠤᠰ ᠤᠨ ᠡᠯᠴᠢᠨ ᠰᠠᠶᠢᠳ ᠮᠠᠷᠲ᠋ᠢᠨ · ᠮᠦᠪᠠᠨᠠ᠂ ᠡᠮᠦᠨᠡᠲᠦ ᠠᠹᠷᠢᠺᠠ ᠶᠢᠨ ᠪᠦᠭᠦᠳᠠ ᠨᠠᠶᠢᠷᠠᠮᠳᠠᠬᠤ ᠤᠯᠤᠰ ᠤᠨ ᠳᠤᠮᠳᠠᠳᠤ ᠤᠯᠤᠰ ᠲᠤ | ᠰᠠᠭᠤᠭ᠎ᠠ ᠡᠯᠴᠢᠨ ᠰᠠᠶᠢᠳ ᠰᠢᠶᠧ ᠱᠧᠩ ᠸᠧᠨ᠂ ᠪᠦᠭᠦᠳᠠ ᠨᠠᠶᠢᠷᠠᠮᠳᠠᠬᠤ ᠲᠦᠷᠺ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠢᠰᠮᠦ᠋ᠢᠷ · | ᠮᠦᠰᠠ᠂ ᠪᠦᠭᠦᠳᠡ ᠨᠠᠶᠢᠷᠠᠮᠳᠠᠬᠤ ᠠᠷᠭᠧᠨ᠋ᠲ᠋ᠢᠨ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠮᠠ ᡁᠢ ᠶᠤᠸᠠᠨ ᠤᠷᠢᠳ ᠬᠤᠵᠢᠳ ᠦᠭᠡ ᠬᠡᠯᠡᠵᠦ | ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ | ᠤᠯᠠᠨ ᠢᠶᠠᠷ ᠢᠶᠠᠨ᠂ ᠥᠪᠥᠷ ᠮᠣᠩᠭᠤᠯ ᠤᠨ ᠬᠥᠭᠵᠢᠯᠲᠡ ᠶᠢᠨ ᠳᠠᠯᠳᠠ ᠬᠦᠴᠦᠨ ᠶᠡᠭᠡ᠂ ᠬᠥᠳᠡᠯᠭᠡᠬᠦ ᠬᠦᠴᠦᠨ ᠭᠦᠢᠴᠡᠳ᠂ ᠣᠳᠣᠬᠠᠨ ᠳᠤ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠬᠤ ᠵᠡᠷᠭᠡ ᠲᠠᠯ᠎ᠠ ᠪᠠᠷ ᠭᠠᠷᠭᠠᠭᠰᠠᠨ | ᠴᠢᠷᠮᠠᠶᠢᠯᠭ᠎ᠠ ᠨᠢ ᠬᠥᠮᠥᠰ ᠤᠨ ᠮᠠᠭᠲᠠᠭᠠᠯ ᠰᠠᠶᠢᠰᠢᠶᠠᠯ ᠢ ᠣᠯᠪᠠ᠂ ᠦᠷᠭᠦᠯᠵᠢᠯᠡᠨ ᠥᠪᠥᠷ ᠮᠣᠩᠭᠤᠯ ᠢ ᠠᠩᠬᠠᠷᠴᠤ᠂ ᠥᠪᠥᠷ ᠮᠣᠩᠭᠤᠯ ᠢ ᠤᠬᠠᠭᠤᠯᠤᠨ | ᠲᠠᠨᠢᠯᠴᠠᠭᠤᠯᠵᠤ᠂ ᠥᠪᠡᠷ ᠤᠨ ᠪᠠᠶᠢᠭ᠎ᠠ ᠤᠯᠤᠰ ᠪᠣᠯᠣᠨ ᠥᠪᠥᠷ ᠮᠣᠩᠭᠤᠯ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠬᠤ ᠳᠤ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠬᠥᠭᠵᠢᠯᠲᠡ ᠬᠤᠪᠢᠷᠠᠯᠲᠠ ᠶᠢᠨ ᠰᠠᠶᠢᠨ | ᠪᠠᠶᠢᠳᠠᠯ ᠢ ᠶᠡᠭᠡ ᠪᠠᠷ ᠤᠬᠠᠭᠤᠯᠤᠨ᠎ᠠ ᠭᠡᠵᠦ ᠢᠯᠡᠳᠬᠡᠵᠡᠭᠡᠪᠡ᠃ | ᠳᠤᠮᠳᠠᠳᠤ ᠤᠯᠤᠰ ᠤᠨ ᠣᠯᠠᠨ ᠨᠡᠶᠢᠲᠡ ᠶᠢᠨ ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠳᠠᠷᠤᠭ᠎ᠠ ᠦ᠋ ᠬᠠᠢ ᠯᠦᠩ ᠶᠠᠷᠢᠶᠠᠨ ᠳᠠᠭᠠᠨ ᠭᠠᠳᠠᠭᠠᠳᠤ | ᠶᠠᠪᠤᠳᠠᠯ ᠤᠨ ᠶᠠᠮᠤᠨ ᠤ ᠡᠮᠦᠨ᠎ᠡ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠰ ᠠᠶᠢᠯᠴᠢᠯᠠᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠨᠠᠷᠢᠨ ᠨᠢᠮᠪᠠᠢ ᠲᠣᠬᠢᠷᠠᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | 32 ᠤᠯᠤᠰ ᠠᠴᠠ ᠢᠷᠡᠭᠰᠡᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ | ᠠᠢ ᠯᠢ ᠬᠤᠸᠠ᠂ ᠶᠠᠩ ᠶᠢᠨ᠂ ᠸᠧᠢ ᠭᠦᠸᠧ ᠨᠠᠨ ᠠᠭᠤᠯᠵᠠᠯᠲᠠ ᠳᠤ ᠣᠷᠣᠯᠴᠠᠪᠠ᠃ | ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠢ ᠭᠠᠳᠠᠭᠠᠳᠤ ᠶᠠᠪᠤᠳᠠᠯ ᠤᠨ ᠶᠠᠮᠤᠨ ᠠᠴᠠ ᠵᠣᠬᠢᠶᠠᠨ ᠪᠠᠶᠢᠭᠤᠯᠵᠤ | ᠂ 7 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠤ ᠭᠦᠭᠡᠬᠤᠲᠠ᠂ ᠤᠯᠠᠭᠠᠨᠴᠠᠪ᠂ ᠣᠷᠳᠣᠰ ᠬᠤᠳᠠ ᠳᠤ | ᠲᠣᠭᠤᠷᠢᠨ ᠦᠵᠡᠵᠦ ᠰᠤᠷᠪᠤᠯᠵᠢᠯᠠᠬᠤ ᠪᠣᠯᠣᠨ᠎ᠠ᠃ | |