ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠨᠡᠭᠡᠭᠡᠭᠰᠡᠨ ᠬᠥᠮᠥᠨ ᠤ ᠲᠤᠭ᠎ᠠ 6000 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/7/19
       ᠰᠢᠨᠬᠤᠸᠠ ᠬᠤᠷᠢᠶᠠᠨ ᠤ ᠮᠡᠳᠡᠭᠡ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠭᠠᠳᠬᠠᠯ ᠤᠨ ᠰᠢᠰᠲ᠋ᠧᠮ ᠤᠨ ᠭᠤᠷᠪᠠᠳᠤᠭᠠᠷ ᠲᠤᠯᠭᠠᠭᠤᠷᠢ ᠶᠢᠨ ᠴᠢᠬᠤᠯᠠ ᠳᠦᠷᠢᠮ ᠤᠨ ᠵᠢᠷᠤᠭ ᠲᠥᠯᠥᠪᠯᠡᠭᠡ ᠪᠣᠯᠤᠭᠰᠠᠨ ᠤ ᠬᠤᠪᠢ ᠳᠤ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ 36 ᠬᠤᠲᠠ ᠪᠠ ᠭᠠᠵᠠᠷ ᠣᠷᠣᠨ ᠳᠤ ᠤᠷᠢᠳᠠᠪᠠᠷ ᠬᠡᠷᠡᠭᠵᠢᠭᠦᠯᠦᠭᠡᠳ ᠨᠢᠭᠡᠨᠲᠡ ᠵᠢᠯ ᠭᠠᠷᠤᠢ ᠪᠣᠯᠵᠠᠢ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠳᠣᠬᠠᠨ ᠳᠤ ᠨᠢᠭᠡᠨᠲᠡ 6000 ᠭᠠᠷᠤᠢ ᠲᠦᠮᠡᠨ ᠬᠥᠮᠥᠨ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠡᠩᠰᠠᠨ ᠡᠷᠦᠬᠡ ᠶᠢ ᠨᠡᠭᠡᠭᠡᠭᠰᠡᠨ ᠪᠠᠶᠢᠨ᠎ᠠ᠃       ᠤᠯᠤᠰ ᠤᠨ ᠨᠡᠶᠢᠭᠡᠮ ᠤᠨ ᠳᠠᠭᠠᠳᠬᠠᠯ ᠤᠨ ᠤᠯᠠᠨ ᠨᠠᠶᠢᠳᠠ ᠶᠢᠨ ᠦᠢᠯᠡᠴᠢᠯᠡᠭᠡᠨ ᠤ ᠲᠠᠪᠴᠠᠩ ᠤᠨ ᠨᠡᠶᠢᠲᠡᠯᠡᠭᠰᠡᠨ ᠮᠡᠳᠡᠭᠡ ᠵᠠᠩᠭᠢ ᠠᠴᠠ ᠦᠵᠡᠪᠡᠯ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠤᠰᠬᠠᠢ ᠵᠦᠢᠯ ᠤᠨ ᠦᠢᠯᠡᠳᠬᠦᠨ ᠳᠤ ᠬᠥᠷᠥᠩᠭᠡ ᠠᠬᠤᠶᠢᠯᠠᠬᠤ᠂ ᠬᠠᠳᠠᠭᠠᠯᠠᠮᠵᠢ᠂ ᠳᠠᠭᠠᠳᠬᠠᠯ᠂ ᠰᠠᠭᠤᠷᠢ ᠮᠥᠩᠭᠦ ᠵᠡᠷᠭᠡ ᠳᠥᠷᠪᠡᠨ ᠲᠥᠷᠥᠯ ᠪᠠᠭᠲᠠᠨ᠎ᠠ᠃ ᠣᠲᠣ ᠪᠣᠯᠲᠠᠯ᠎ᠠ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠤᠰᠬᠠᠢ ᠵᠦᠢᠯ ᠤᠨ ᠦᠢᠯᠡᠳᠬᠦᠨ 762 ᠪᠠᠶᠢᠵᠤ᠂ ᠡᠭᠦᠨ ᠳᠤ ᠬᠠᠳᠠᠭᠠᠯᠠᠮᠵᠢ ᠶᠢᠨ ᠦᠢᠯᠡᠳᠬᠦᠨ 465᠂ ᠰᠠᠭᠤᠷᠢ ᠮᠥᠩᠭᠦ ᠶᠢᠨ ᠦᠢᠯᠡᠳᠬᠦᠨ 192᠂ ᠳᠠᠭᠠᠳᠬᠠᠯ ᠤᠨ ᠦᠢᠯᠡᠳᠬᠦᠨ 82᠂ ᠬᠥᠷᠥᠩᠭᠡ ᠠᠬᠤᠶᠢᠯᠠᠬᠤ ᠦᠢᠯᠡᠳᠬᠦᠨ 23 ᠪᠤᠢ᠃       ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠠᠳᠠᠯᠢ ᠪᠤᠰᠤ ᠨᠠᠰᠤᠨ ᠤ ᠬᠥᠮᠥᠰ ᠢ ᠲᠠᠲᠠᠬᠤ ᠬᠦᠴᠦᠨ ᠨᠢ ᠠᠳᠠᠯᠢ ᠪᠤᠰᠤ ᠶᠢᠨ ᠪᠠᠶᠢᠳᠠᠭ᠃ 31 ᠨᠠᠰᠤᠨ ᠠᠴᠠ 40 ᠨᠠᠰᠤᠨ ᠤ ᠬᠤᠭᠤᠷᠤᠨᠳᠤᠬᠢ ᠳᠤᠮᠳᠠ ᠪᠠ ᠥᠨᠳᠥᠷ ᠣᠷᠣᠯᠭ᠎ᠠ ᠲᠠᠢ ᠬᠥᠮᠥᠰ ᠪᠣᠯ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠤᠨ ᠳᠠᠩᠰᠠᠨ ᠡᠷᠦᠬᠡ ᠨᠡᠭᠡᠭᠡᠬᠦ᠂ ᠰᠦᠢᠳᠬᠡᠯ ᠲᠤᠰᠢᠶᠠᠬᠤ ᠪᠠ ᠦᠢᠯᠡᠳᠬᠦᠨ ᠬᠤᠳᠠᠯᠳᠤᠨ ᠠᠪᠬᠤ ᠭᠤᠣᠯ ᠬᠦᠴᠦᠨ ᠮᠥᠨ᠂ ᠲᠡᠳᠡᠨ ᠤ ᠠᠩᠬᠠᠷᠤᠯ ᠢ ᠲᠠᠲᠠᠵᠤ ᠪᠠᠶᠢᠭ᠎ᠠ ᠭᠤᠣᠯ ᠰᠢᠯᠲᠠᠭᠠᠨ ᠪᠣᠯ ︽ᠠᠵᠢᠯ ᠤᠨ ᠠᠮᠠᠷᠠᠯᠲᠠ ᠪᠠᠨ ᠠᠪᠴᠤ ᠨᠠᠰᠤᠵᠢᠯ ᠤᠨ ᠠᠰᠠᠷᠠᠮᠵᠢ ᠳᠠᠭᠠᠨ ᠪᠡᠯᠡᠳᠬᠡᠯ ᠬᠢᠬᠦ︾ ᠪᠠ ︽ᠭᠠᠶᠢᠯᠢ ᠶᠢ ᠲᠤᠯᠭᠠᠨ ᠥᠭᠬᠦ︾ ᠶᠠᠪᠤᠳᠠᠯ ᠪᠣᠯᠣᠨ᠎ᠠ᠃       ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠭᠤᠷᠪᠠᠳᠤᠭᠠᠷ ᠲᠤᠯᠭᠠᠭᠤᠷᠢ ᠬᠦᠴᠦᠨ ᠪᠣᠯᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠡᠭᠦᠨ ᠤ ᠪᠦᠷᠬᠦᠭᠦᠯᠬᠦ ᠨᠤᠷᠮ᠎ᠠ ᠪᠠ ᠰᠦᠢᠳᠬᠡᠯ ᠲᠤᠰᠢᠶᠠᠬᠤ ᠲᠦᠪᠰᠢᠨ ᠢ ᠲᠡᠭᠡᠭᠰᠢᠯᠡᠬᠦᠯᠦᠨ᠎ᠡ᠃ ︵ᠰᠤᠷᠪᠤᠯᠵᠢᠯᠠᠭᠴᠢ ᠵᠢᠶᠠᠩ ᠯᠢᠨ︶
ᠢᠷᠡᠯᠲᠡ᠄ ᠠᠷᠠᠳ ᠤᠨ ᠮᠣᠩᠭᠤᠯ ᠰᠦᠯᠵᠢᠶ᠎ᠡ