ᠬᠠᠮᠤᠭ ᠰᠢᠨ᠎ᠡ ᠰᠤᠳᠤᠯᠭᠠᠨ᠄ ᠳᠡᠯᠡᠬᠡᠶ ᠶᠢᠨ ᠪᠥᠮᠪᠥᠷᠴᠡᠭ ᠤᠨ ︽ᠨᠢᠭᠡ ᠡᠳᠦᠷ︾ ᠨᠢ ᠣᠷᠳᠣ ᠪᠣᠯᠵᠣ ᠪᠠᠶᠢᠨ᠎ᠠ ᠬᠡᠨ᠎ᠡ ᠤᠤ︖
ᠨᠡᠶᠢᠲᠡᠯᠡᠭᠰᠡᠨ ᠴᠠᠭ᠄
2024/7/22
       ᠲᠣᠰ ᠭᠠᠷᠠᠭ ᠲᠤ ᠣᠯᠠᠨ ᠤᠯᠤᠰ ᠤᠨ ᠰᠤᠳᠤᠯᠭᠠᠲᠠᠳ ᠤᠨ ᠬᠠᠮᠲᠤ ᠪᠠᠷ ᠨᠡᠶᠢᠲᠡᠯᠡᠭᠰᠡᠨ ᠰᠤᠳᠤᠯᠭᠠᠨ ᠤ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠪᠥᠬᠦ ᠪᠥᠮᠪᠥᠷᠴᠡᠭ ᠤᠨ ᠳᠤᠯᠠᠭᠠᠷᠠᠬᠤ ᠬᠠᠨᠳᠤᠰᠢ ᠠᠴᠠ ᠪᠣᠯᠤᠭᠰᠠᠨ ᠬᠤᠶᠠᠷ ᠲᠦᠢᠯ ᠤᠨ ᠮᠥᠰᠥ ᠴᠠᠰᠤᠨ ᠤ ᠬᠠᠶᠢᠯ ᠨᠢ ᠳᠡᠯᠡᠬᠡᠶ ᠶᠢᠨ ᠪᠥᠮᠪᠥᠷᠴᠡᠭ ᠤᠨ ᠡᠷᠭᠢᠯᠲᠡ ᠶᠢᠨ ᠬᠤᠷᠳᠤᠴᠠ ᠶᠢ ᠲᠦᠷᠭᠡᠳᠬᠡᠵᠦ᠂ ᠳᠡᠯᠡᠬᠡᠶ ᠶᠢᠨ ᠪᠥᠮᠪᠥᠷᠴᠡᠭ ᠳᠡᠭᠡᠷᠡᠬᠢ ︽ᠨᠢᠭᠡ ᠡᠳᠦᠷ︾ ᠨᠢ ᠪᠠᠰᠠ ᠡᠭᠦᠨ ᠠᠴᠠ ᠪᠣᠯᠵᠣ ᠣᠷᠳᠣ ᠪᠤᠯᠵᠤ ᠪᠤᠢ᠃       ᠠᠮᠧᠷᠢᠺᠠ ᠶᠢᠨ ︽ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠡᠳᠬᠦᠯ︾ ᠤᠨ 15 ᠤ ᠡᠳᠦᠷ ᠨᠡᠶᠢᠲᠡᠯᠡᠭᠰᠡᠨ ᠬᠠᠮᠢᠶ᠎ᠠ ᠪᠥᠬᠦᠶ ᠰᠤᠳᠤᠯᠭᠠᠨ ᠤ ᠮᠡᠳᠡᠭᠦᠯᠦᠯᠲᠡ ᠠᠴᠠ ᠦᠵᠡᠪᠡᠯ᠂ ᠭᠷᠢᠨᠯᠠᠨᠳ᠋ ᠠᠷᠠᠯ ᠪᠣᠯᠤᠨ ᠡᠮᠦᠨᠡᠲᠦ ᠲᠦᠢᠯ ᠵᠡᠷᠭᠡ ᠭᠠᠵᠠᠷ ᠤᠨ ᠮᠥᠰᠥ ᠴᠠᠰᠤ ᠲᠦᠷᠭᠡᠨ ᠬᠠᠶᠢᠯᠵᠤ᠂ ᠳᠡᠯᠡᠬᠡᠶ ᠶᠢᠨ ᠪᠥᠮᠪᠥᠷᠴᠡᠭ ᠤᠨ ᠪᠦᠰᠡᠯᠡᠭᠦᠷ ᠣᠷᠴᠢᠮ ᠤᠨ ᠲᠡᠯᠡᠶ ᠶᠢᠨ ᠤᠰᠤ ᠨᠡᠮᠡᠭᠳᠡᠭᠰᠡᠨ ᠢᠶᠠᠷ ᠳᠡᠯᠡᠬᠡᠶ ᠶᠢᠨ ᠪᠥᠮᠪᠥᠷᠴᠡᠭ ᠤᠨ ᠥᠪᠡᠷ ᠤᠨ ᠬᠢᠨᠢ ᠡᠷᠭᠢᠯᠲᠡ ᠤᠳᠠᠭᠠᠨ ᠪᠤᠯᠵᠤ ᠪᠠᠶᠢᠨ᠎ᠠ᠃       ᠰᠤᠳᠤᠯᠭᠠᠲᠠᠳ ᠤᠨ ᠵᠢᠱᠢᠭᠰᠡᠨ ᠢᠶᠠᠷ᠂ ᠪᠥᠬᠦ ᠪᠥᠮᠪᠥᠷᠴᠡᠭ ᠤᠨ ᠳᠤᠯᠠᠭᠠᠷᠠᠬᠤ ᠬᠠᠨᠳᠤᠰᠢ ᠨᠢ ᠬᠡᠷᠪᠡ ᠬᠠᠮᠤᠭ ᠤᠨ ᠮᠠᠭᠤ ᠪᠠᠶᠢᠳᠠᠯ ᠢᠶᠠᠷ ᠬᠥᠭᠵᠢᠪᠡᠯ᠂ 2100 ᠤᠨ ᠠᠴᠠ ᠡᠮᠦᠨ᠎ᠡ᠂ ᠳᠡᠯᠡᠬᠡᠶ ᠶᠢᠨ ᠪᠥᠮᠪᠥᠷᠴᠡᠭ ᠳᠡᠭᠡᠷᠡᠬᠢ ᠨᠢᠭᠡ ᠡᠳᠦᠷ 2.62 ᠪᠢᠴᠢᠯ ᠰᠧᠺᠦ᠋ᠨ᠋ᠳ᠋ ᠣᠷᠴᠢᠮ ᠨᠡᠮᠡᠭᠳᠡᠬᠦ ᠪᠣᠯᠤᠨ᠎ᠠ᠃ ᠬᠥᠮᠦᠰ ᠤᠨ ᠡᠳᠦᠷ ᠲᠤᠲᠤᠮ ᠤᠨ ᠠᠮᠢᠳᠤᠷᠠᠯ ᠳᠤ ᠠᠪᠴᠤ ᠬᠡᠯᠡᠪᠡᠯ᠂ ᠨᠢᠭᠡ ᠡᠳᠦᠷ ᠬᠡᠳᠦᠨ ᠪᠢᠴᠢᠯ ᠰᠧᠺᠦ᠋ᠨ᠋ᠳ᠋ ᠨᠡᠮᠡᠭᠳᠡᠬᠦ ᠨᠢ ᠶᠠᠮᠠᠷ ᠴᠤ ᠨᠥᠯᠥᠭᠡ ᠪᠣᠯᠬᠤ ᠥᠬᠡᠶ᠂ ᠬᠡᠪᠡᠴᠦ ᠲᠡᠶᠢᠷᠦᠯᠲᠦ ᠰᠤᠮᠤ ᠬᠠᠷᠪᠤᠬᠤ᠂ ᠪᠥᠬᠦ ᠪᠥᠮᠪᠥᠷᠴᠡᠭ ᠤᠨ ᠪᠠᠶᠢᠷᠢ ᠲᠣᠭᠲᠠᠭᠠᠬᠤ ᠰᠢᠰᠲ᠋ᠧᠮ ᠵᠡᠷᠭᠡ ᠳᠡᠭᠡᠳᠦ ᠨᠠᠷᠢᠯᠢᠭ ᠮᠡᠷᠭᠡᠵᠢᠯ ᠤᠨ ᠬᠡᠷᠡᠭᠯᠡᠯᠲᠡ ᠳᠤ ᠠᠪᠴᠤ ᠬᠡᠯᠡᠪᠡᠯ ᠂ ᠬᠡᠳᠦᠨ ᠪᠢᠴᠢᠯ ᠰᠧᠺᠦ᠋ᠨ᠋ᠳ᠋ ᠤᠨ ᠵᠥᠷᠢᠶ᠎ᠡ ᠨᠢ ᠬᠦᠨᠳᠦ ᠶᠡᠭᠡ ᠠᠯᠳᠠᠰᠢ ᠭᠠᠷᠭᠠᠵᠤ ᠮᠡᠳᠡᠨ᠎ᠡ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ