ᠬᠤᠭᠤᠯᠠ ᠬᠢᠬᠦ ᠶᠢᠨ 3 ᠮᠠᠭᠤ ᠳᠠᠳᠬᠠᠯ ᠨᠢ ᠭᠡᠷ ᠪᠦᠯᠢ ᠶᠢᠨ ᠬᠢᠨ ᠢ ᠥᠮᠡᠨ ᠤᠯᠤᠭᠤᠯᠵᠤ ᠮᠠᠭᠠᠳ ᠦᠭᠡᠢ︕
ᠨᠡᠶᠢᠲᠡᠯᠡᠭᠰᠡᠨ ᠴᠠᠭ᠄
2024/7/22
       1. ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠥᠬᠡᠶ ᠪᠤᠶᠤ ᠡᠷᠲᠡ ᠬᠠᠭᠠᠬᠤ       ᠲᠣᠰᠣᠨ ᠤᠲᠤᠭ᠎ᠠ ᠲᠠᠢ ᠣᠷᠴᠢᠨ ᠲᠣᠭᠤᠷᠢᠨ ᠳᠤ ᠤᠷᠲᠤ ᠬᠤᠭᠤᠴᠠᠭ᠎ᠠ ᠪᠠᠷ ᠪᠠᠶᠢᠪᠠᠯ ᠬᠤᠭᠤᠯᠠᠶ ᠶᠢᠨ ᠦᠷᠪᠢᠰᠦᠯ᠂ ᠬᠠᠮᠠᠷ ᠤᠨ ᠦᠷᠪᠢᠰᠦᠯ᠂ ᠮᠥᠭᠡᠷᠰᠦᠨ ᠬᠤᠭᠤᠯᠠᠶ ᠶᠢᠨ ᠦᠷᠪᠢᠰᠦᠯ ᠵᠡᠷᠭᠡ ᠡᠪᠡᠳᠴᠢᠨ ᠢ ᠤᠯᠵᠤ ᠮᠡᠳᠡᠨ᠎ᠡ᠂ ᠴᠢᠨᠠᠬᠰᠢᠯᠠᠪᠠᠯ ᠠᠭᠤᠰᠬᠢᠨ ᠥᠮᠡᠨ ᠢ ᠴᠤ ᠤᠯᠵᠤ ᠮᠡᠳᠡᠨ᠎ᠡ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠄ ᠬᠠᠭᠤᠷᠴᠤ ᠬᠠᠭᠠᠷᠢᠬᠤ ᠠᠴᠠ 20 ᠰᠧᠺᠦ᠋ᠨ᠋ᠳ᠋ ᠤᠨ ᠡᠮᠦᠨ᠎ᠡ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠪᠡᠯ ᠲᠣᠰᠣᠨ ᠣᠲᠤᠭ᠎ᠠ ᠶᠢᠨ ᠲᠠᠷᠬᠠᠯᠲᠠ ᠶᠢ ᠨᠠᠩ ᠰᠠᠶᠢᠨ ᠡᠵᠡᠮᠳᠡᠵᠦ᠂ ᠲᠣᠰᠣᠨ ᠣᠲᠤᠭ᠎ᠠ ᠲᠠᠷᠬᠠᠬᠤ ᠶᠢ ᠨᠠᠩ ᠰᠠᠶᠢᠨ ᠰᠡᠷᠭᠡᠶᠢᠯᠡᠵᠦ ᠴᠢᠳᠠᠨ᠎ᠠ᠂ ᠬᠠᠭᠤᠷᠴᠤ ᠬᠠᠭᠠᠷᠢᠬᠤ ᠶᠠᠪᠤᠴᠠ ᠳᠤ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠶᠢ ᠪᠠᠲᠤᠯᠠᠬᠤ ᠬᠡᠷᠡᠭᠲᠡᠶ ᠪᠥᠭᠡᠳ ᠬᠠᠭᠤᠷᠴᠤ ᠬᠠᠭᠠᠷᠢᠵᠤ ᠪᠠᠷᠠᠭᠰᠠᠨ ᠤ ᠳᠠᠷᠠᠭ᠎ᠠ ᠴᠤ ᠲᠣᠰᠣᠨ ᠣᠲᠤᠭ᠎ᠠ ᠶᠢᠨ ᠮᠠᠰᠢᠨ ᠢᠶᠠᠨ ᠦᠷᠭᠦᠯᠵᠢᠯᠡᠨ 3 ᠮᠢᠨᠦ᠋ᠲ ᠠᠵᠢᠯᠯᠠᠭᠤᠯᠬᠤ ᠬᠡᠷᠡᠭᠲᠡᠶ᠂ ᠨᠣᠭᠤᠭ᠎ᠠ ᠪᠠᠨ ᠬᠠᠭᠤᠷᠴᠤ ᠪᠠᠷᠠᠮᠠᠭᠴᠠ ᠰᠢᠭᠤᠳ ᠬᠠᠭᠠᠬᠤ ᠬᠡᠷᠡᠭ ᠥᠬᠡᠶ᠃ ᠡᠭᠦᠨ ᠠᠴᠠ ᠭᠠᠳᠠᠨ᠎ᠠ᠂ ᠳᠤᠤᠷ᠎ᠠ ᠬᠠᠯᠠᠭᠤᠨ ᠢᠶᠠᠷ ᠬᠤᠭᠤᠯᠠ ᠬᠢᠪᠠᠯ ᠲᠣᠰᠣᠨ ᠣᠲᠤᠭ᠎ᠠ ᠭᠠᠷᠬᠤ ᠨᠢ ᠨᠠᠩ ᠪᠠᠭ᠎ᠠ ᠪᠣᠯᠤᠨ᠎ᠠ᠃       2. ᠲᠣᠭᠤᠭ᠎ᠠ ᠪᠠᠨ ᠱᠤᠸᠠᠵᠠᠳᠠᠬᠤ ᠦᠭᠡᠢ ᠪᠠᠷ ᠦᠷᠭᠦᠯᠵᠢᠯᠡᠨ ᠨᠤᠭᠤᠭ᠎ᠠ ᠬᠠᠭᠤᠷᠬᠤ       ᠨᠣᠭᠤᠭ᠎ᠠ ᠬᠠᠭᠤᠷᠴᠤ ᠪᠠᠷᠠᠭᠰᠠᠨ ᠤ ᠳᠠᠷᠠᠭ᠎ᠠ᠂ ᠲᠣᠭᠤᠭᠠᠨ ᠳᠡᠭᠡᠷ᠎ᠡ ᠴᠢᠨᠢ ᠨᠣᠭᠤᠭ᠎ᠠ ᠬᠠᠭᠤᠷᠤᠬᠰᠠᠨ ᠮᠠᠰᠢ ᠣᠯᠠᠨ ᠦᠯᠡᠳᠡᠭᠳᠡᠯ ᠪᠠ ᠦᠯᠡᠳᠡᠭᠰᠡᠨ ᠲᠣᠰᠣ ᠨᠠᠭᠠᠯᠳᠤᠵᠤ ᠪᠠᠶᠢᠳᠠᠭ᠂ ᠬᠡᠷᠪᠡ ᠦᠷᠭᠦᠯᠵᠢᠯᠡᠨ ᠦᠭᠡᠷ᠎ᠡ ᠨᠣᠭᠤᠭ᠎ᠠ ᠬᠠᠭᠤᠷᠪᠠᠯ᠂ ᠡᠮᠦᠨᠡᠬᠢ ᠬᠠᠭᠤᠷᠤᠬᠰᠠᠨ ᠨᠤᠭᠤᠭ᠎ᠠ ᠶᠢᠨ ᠦᠯᠡᠳᠡᠭᠳᠡᠯ ᠳᠠᠷᠤᠶ ᠬᠡᠤᠷᠰᠢᠨ᠎ᠡ᠂ ᠡᠭᠦᠨ ᠤ ᠤᠯᠠᠮ ᠢᠶᠠᠷ ᠥᠮᠡᠨ ᠤᠯᠤᠭᠤᠯᠬᠤ ᠪᠣᠳᠠᠰ ᠡᠭᠦᠰᠴᠦ᠂ ᠦᠯᠡᠳᠡᠭᠰᠡᠨ ᠲᠣᠰᠣ ᠶᠢ ᠨᠢ ᠴᠦ ᠬᠤᠶᠠᠳᠠᠬᠢ ᠤᠳᠠᠭ᠎ᠠ ᠬᠠᠯᠠᠭᠰᠠᠨ ᠠᠴᠠ ᠪᠣᠯᠵᠣ ᠬᠤᠤᠷᠲᠠᠶ ᠪᠦᠷᠢᠯᠳᠦᠬᠦᠨ ᠡᠭᠦᠰᠳᠡᠭ᠃       3. ᠨᠣᠭᠤᠭ᠎ᠠ ᠬᠢᠬᠦ ᠳᠡᠭᠡᠨ ᠳᠠᠪᠤᠰᠤ ᠢᠯᠡᠭᠦᠦ ᠬᠢᠬᠦ       ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ︾ ᠲᠤ᠂ ᠨᠢᠭᠡ ᠬᠥᠮᠦᠨ ᠤ ᠡᠳᠦᠷ ᠪᠦᠷᠢ ᠶᠢᠨ ᠳᠠᠪᠤᠰᠤ ᠢᠳᠡᠬᠦ ᠬᠡᠮᠵᠢᠶ᠎ᠡ ᠶᠢ 5 ᠭᠷᠠᠮ ᠠᠴᠠ ᠬᠡᠲᠦᠷᠡᠭᠦᠯᠵᠦ ᠪᠤᠯᠬᠤ ᠥᠬᠡᠶ᠂ ᠳᠠᠪᠤᠰᠤ ᠳᠡᠩᠳᠡᠭᠦᠦ ᠠᠷᠪᠢᠨ ᠢᠳᠡᠪᠡᠯ ᠴᠢᠰᠤᠨ ᠳᠠᠷᠤᠯᠲᠠ ᠥᠨᠳᠥᠷᠵᠢᠬᠦ ᠡᠪᠡᠳᠴᠢᠨ ᠤᠯᠬᠤ ᠪᠠᠷ ᠪᠠᠷᠠᠬᠤ ᠥᠬᠡᠶ᠂ ᠪᠠᠰᠠ ᠶᠠᠰᠤᠨ ᠤ ᠡᠳ᠋ ᠰᠡᠶᠢᠷᠡᠭᠵᠢᠬᠦ᠂ ᠬᠤᠳᠣᠭᠤᠳᠣᠨ ᠦᠷᠪᠢᠰᠦᠯ ᠳᠤ ᠨᠡᠷᠪᠡᠭᠳᠡᠬᠦ ᠂ ᠴᠢᠨᠠᠭᠰᠢᠯᠠᠪᠠᠯ ᠬᠤᠳᠣᠭᠤᠳᠣᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠭᠡᠵᠦ ᠰᠠᠨᠠᠭᠤᠯᠵᠠᠶ᠃ ᠤᠴᠢᠷ ᠨᠢ ᠳᠠᠪᠤᠰᠤ ᠬᠡᠲᠦᠷᠬᠡᠶ ᠶᠡᠭᠡ ᠢᠳᠡᠪᠡᠯ ᠬᠤᠳᠣᠭᠤᠳᠣᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠣᠨ ᠤ ᠬᠠᠨ᠎ᠠ ᠶᠢᠨ ᠡᠰ ᠢ ᠤᠨᠠᠭᠠᠵᠤ ᠮᠡᠳᠡᠨ᠎ᠡ᠂ ᠬᠠᠨ᠎ᠠ ᠶᠢᠨ ᠡᠰ ᠪᠣᠯ ᠬᠤᠳᠣᠭᠤᠳᠣᠨ ᠤ ᠡᠷᠡᠭᠦᠯ ᠮᠡᠨᠳᠦ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠣᠨ ᠦᠷᠪᠢᠰᠦᠯ ᠤᠨ ᠲᠦᠭᠰᠢᠭᠦᠷᠢ ᠶᠢ ᠨᠡᠮᠡᠭᠳᠡᠭᠦᠯᠵᠦ᠂ ᠡᠴᠦᠰ ᠲᠡᠭᠡᠨ ᠬᠤᠳᠣᠭᠤᠳᠣᠨ ᠥᠮᠡᠨ ᠢ ᠡᠭᠦᠰᠭᠡᠳᠡᠭ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ