ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠳᠤ᠄ | ᠲᠠᠨ ᠤ ᠲᠣᠪᠴᠢᠶ᠎ᠠ ᠶᠢᠨ ︽︿ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠨᠢᠷᠤᠭᠤᠪᠴᠢ ᠪᠠᠭᠰᠢ ᠶᠢ | ᠵᠤᠬᠢᠶᠠᠨ ᠪᠠᠶᠢᠭᠤᠯᠤᠨ ᠠᠵᠢᠯ ᠤᠨ ᠪᠠᠶᠢᠷᠢ ᠳᠤᠨᠢ ᠳᠠᠭᠠᠭᠤᠯᠤᠨ ᠪᠣᠯᠪᠠᠰᠤᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠲᠥᠰᠦᠯ﹀ ᠢ ᠵᠥᠪᠰᠢᠶᠡᠷᠡᠬᠦ ᠲᠤᠬᠠᠶ ᠵᠢᠭᠠᠪᠤᠷᠢ | ᠠᠪᠬᠤ ᠮᠡᠳᠡᠭᠦᠯᠦᠯᠲᠡ︾ ︵ᠬᠦᠯᠦᠨ ᠰᠤᠷᠭᠠᠨ ᠥᠰᠥᠭ ﹇2024﹈ 49 ᠳ᠋ᠤᠭᠡᠷ ᠲᠣᠭᠠᠲᠤ︶ ᠶᠢ ᠬᠦᠯᠢᠶᠡᠨ ᠠᠪᠤᠯ᠎ᠠ᠂ ᠰᠤᠳᠤᠯᠬᠤ ᠪᠠᠷ ᠳᠡᠮᠵᠢᠨ ᠡᠳᠦᠭᠡ | ᠳᠤᠤᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ᠲᠤᠰ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ ᠪᠠ ᠲᠥᠷᠥᠯ | ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠬᠦᠳᠡᠭᠡ ᠬᠦᠭᠵᠢᠭᠦᠯᠬᠦ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠶᠢᠨ ᠬᠤᠯᠪᠣᠭᠳᠠᠯ ᠪᠥᠬᠦᠶ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠪᠠ ᠪᠠᠯᠠ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠪᠠᠯᠠ ᠮᠥᠩᠭᠦ ᠶᠢᠨ | ᠬᠡᠷᠡᠭᠯᠡᠯᠲᠡ ᠶᠢᠨ ᠬᠠᠤᠯᠢ ᠲᠣᠭᠲᠠᠭᠠᠯ ᠳᠤ ᠨᠡᠶᠢᠴᠡᠬᠦ᠂ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ | ᠃ | ᠬᠤᠶᠠᠷ᠂ ᠵᠣᠬᠢᠶᠠᠨ ᠪᠠᠶᠢᠭᠤᠯᠵᠤ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠎ᠠ᠃ ᠠᠵᠢᠯ ᠤᠨ ᠪᠠᠶᠢᠷᠢ ᠳᠤᠨᠢ ᠳᠠᠭᠠᠭᠤᠯᠤᠨ ᠰᠤᠷᠤᠯᠴᠠᠭᠤᠯᠬᠤ ᠪᠠᠷ ᠳᠠᠮᠵᠢᠨ | ᠂ ᠬᠥᠳᠡᠭᠡ ᠲᠣᠰᠬᠤᠨ ᠤ ᠨᠢᠷᠤᠭᠤᠪᠴᠢ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠪᠰᠢᠨ | ᠵᠢᠴᠢ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠲᠦᠷᠭᠡᠨ | ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠭᠤᠷᠪᠠ᠂ ᠦᠷᠬᠦᠯᠵᠢᠯᠡᠯ ᠳᠡᠮᠵᠢᠯᠭᠡ ᠶᠢ ᠴᠢᠩᠭᠠᠳᠬᠠᠨ᠎ᠠ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠲᠤ ᠦᠷᠭᠦᠯᠵᠢᠯᠡᠨ ᠮᠥᠷᠳᠡᠨ | ᠵᠢᠯᠣᠭᠤᠳᠬᠤ ᠪᠠ ᠳᠡᠮᠵᠢᠯᠭᠡ ᠬᠠᠩᠭᠠᠵᠤ᠂ ᠰᠤᠷᠤᠭᠴᠢᠳ ᠢ ᠬᠠᠪᠰᠤᠷᠴᠤ ᠰᠣᠷᠣᠭᠰᠠᠨ ᠢ ᠨᠢ ᠰᠤᠷᠭᠠᠨ ᠬᠥᠮᠦᠵᠢᠯ ᠵᠢᠭᠠᠨ ᠰᠤᠷᠭᠠᠬᠤ ᠦᠢᠯᠡᠳᠦᠯᠭᠡ ᠳᠤ | ᠬᠡᠷᠡᠭᠯᠡᠭᠦᠯᠦᠨ᠎ᠡ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | 2024 ᠣᠨ ᠤ 6 ᠰᠠᠷ᠎ᠠ ᠶᠢᠨ 5 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | |