ᠪᠤᠷᠤᠰᠢᠯᠢ ᠶᠢᠨ ᠶᠢᠨ ᠶᠤᠸᠠᠨ ᠨᠡᠭᠦᠷᠡᠰᠦᠨ ᠠᠭᠤᠷᠬᠠᠶ ᠶᠢᠨ ᠨᠡᠭᠦᠷᠡᠰᠦ ᠮᠠᠯᠲᠠᠬᠤ ᠡᠷᠬᠡᠨ ᠳᠤ ᠪᠠᠶᠢᠭᠰᠠᠨ ᠦᠨᠴᠦᠭ ᠲᠠᠯ᠎ᠠ ᠵᠢᠴᠢ ᠭᠦᠨ ᠬᠡᠰᠡᠭ ᠤᠨ ᠡᠬᠢ ᠪᠠᠶᠠᠯᠢᠭ ᠢ ᠰᠢᠯᠵᠢᠭᠦᠯᠦᠨ ᠦᠭᠬᠦ ᠶᠢ ᠵᠥᠪᠰᠢᠶᠡᠷᠡᠬᠦ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/7/24
ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄        ᠲᠠᠨ ᠤ ᠬᠤᠰᠢᠭᠤᠨ ᠤ ︽ᠪᠤᠷᠤᠰᠢᠯᠢ ᠶᠢᠨ ᠶᠢᠨ ᠶᠤᠸᠠᠨ ᠨᠡᠭᠦᠷᠡᠰᠦᠨ ᠠᠭᠤᠷᠬᠠᠶ ᠶᠢᠨ ᠨᠡᠭᠦᠷᠡᠰᠦ ᠮᠠᠯᠲᠠᠬᠤ ᠡᠷᠬᠡᠨ ᠳᠤ ᠪᠠᠶᠢᠭᠰᠠᠨ ᠦᠨᠴᠦᠭ ᠲᠠᠯ᠎ᠠ ᠵᠢᠴᠢ ᠭᠦᠨ ᠬᠡᠰᠡᠭ ᠤᠨ ᠡᠬᠢ ᠪᠠᠶᠠᠯᠢᠭ ᠢ ᠰᠢᠯᠵᠢᠭᠦᠯᠦᠨ ᠦᠭᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠠᠭᠤᠴᠢᠨ ᠵᠠᠰᠠᠭ ᠲᠠᠷᠬᠠᠭᠠᠭᠰᠠᠨ ﹇2024﹈ 6 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠳᠠᠮᠵᠢᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ᠪᠤᠷᠤᠰᠢᠯᠢ ᠶᠢᠨ ᠶᠢᠨ ᠶᠤᠸᠠᠨ ᠨᠡᠭᠦᠷᠡᠰᠦᠨ ᠠᠭᠤᠷᠬᠠᠶ ᠶᠢᠨ ᠭᠦᠨ ᠬᠡᠰᠡᠭ ᠤᠨ ᠡᠬᠢ ᠪᠠᠶᠠᠯᠢᠭ᠂ ᠡᠮᠦᠨ᠎ᠡ ᠬᠡᠰᠡᠭ ᠤᠨ ᠦᠨᠴᠦᠭ ᠲᠠᠯ᠎ᠠ ᠶᠢᠨ ᠡᠬᠢ ᠪᠠᠶᠠᠯᠢᠭ ᠢ ᠰᠢᠯᠵᠢᠭᠦᠯᠦᠨ ᠦᠭᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃       ᠬᠤᠶᠠᠷ᠂ ᠠᠭᠤᠷᠬᠠᠶ ᠶᠢᠨ ᠠᠵᠤ ᠠᠬᠤᠶᠢᠯᠠᠯ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠭᠲᠠᠭᠰᠠᠨ ᠳᠡᠰ ᠳᠠᠷᠠᠭᠠᠯᠠᠯ ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠶᠠᠪᠤᠳᠠᠯ ᠢ ᠳᠠᠷᠦ᠋ᠢᠬᠠᠨ ᠭᠦᠢᠴᠡᠳᠭᠡᠨ᠎ᠡ᠃        ᠭᠤᠷᠪᠠ᠂ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠦᠨᠡᠨ ᠬᠦ ᠭᠦᠢᠴᠡᠳᠭᠡᠬᠦ ᠬᠡᠷᠡᠭᠲᠡᠢ᠃        ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                                                    2024 ᠣᠨ ᠤ 6 ᠰᠠᠷ᠎ᠠ ᠶᠢᠨ 27 ᠤ ᠡᠳᠦᠷ       ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ