ᠬᠥᠯᠥᠨ ᠪᠤᠶᠢᠷ ᠬᠤᠲᠠ ᠠᠵᠤ ᠠᠬᠤᠶ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠪᠤᠬᠢᠷᠲᠤᠯ ᠦᠭᠡᠢ ᠬᠦᠭᠵᠢᠬᠦ ᠴᠢᠨᠠᠷ ᠰᠠᠶᠢᠲᠠᠶ ᠬᠦᠭᠵᠢᠬᠦ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
        ᠵᠢᠯ ᠤᠨ ᠳᠤᠮᠳᠠᠴᠢ ᠶᠢᠨ ᠵᠤᠨ ᠤ ᠳᠡᠯᠭᠡᠷ ᠤᠯᠠᠷᠢᠯ ᠳᠤ᠂ ᠬᠥᠯᠥᠨ ᠪᠤᠶᠢᠷ ᠤᠨ ᠡᠬᠡ ᠭᠠᠵᠠᠷ ᠲᠤ ᠴᠢᠨᠠᠷ ᠰᠠᠶᠢᠲᠠᠢ ᠬᠥᠭᠵᠢᠯᠲᠡ ᠶᠢᠨ ᠢᠳᠡᠷᠬᠡᠭ ᠬᠠᠨᠳᠤᠰᠢ ᠪᠠ ᠱᠠᠯᠠᠮᠠᠭᠠᠢ ᠠᠵᠢᠯᠯᠠᠵᠤ ᠡᠷᠡᠮᠡᠬᠡᠶᠢᠯᠡᠨ ᠤᠷᠤᠭᠰᠢᠯᠠᠭᠤᠯᠬᠤ ᠬᠠᠯᠠᠭᠤᠨ ᠥᠷᠨᠢᠯᠲᠡ ᠢᠯᠡᠷᠡᠪᠡ᠃       7 ᠰᠠᠷ᠎ᠠ ᠶᠢᠨ 2 ᠤᠨ ᠡᠳᠦᠷ᠂ ᠬᠥᠯᠥᠨ ᠪᠤᠶᠢᠷ ᠬᠤᠲᠠ ᠠᠵᠤ ᠠᠬᠤᠶ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠪᠣᠬᠢᠷᠲᠤᠯ ᠥᠬᠡᠶ ᠬᠦᠭᠵᠢᠬᠦ ᠴᠢᠨᠠᠷ ᠰᠠᠶᠢᠲᠠᠶ ᠬᠦᠭᠵᠢᠬᠦ ᠶᠢ ᠠᠬᠢᠭᠤᠯᠬᠤ  ᠠᠬᠤᠢ ᠲᠠᠯᠠᠪᠠᠶ ᠶᠢᠨ ᠬᠤᠷᠠᠯ ᠬᠤᠷᠠᠯᠳᠤᠭᠤᠯᠵᠤ᠂ ᠨᠢᠭᠡ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠶ ᠬᠡᠷᠡᠭᠵᠢᠭᠦᠯᠬᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠦᠪᠯᠡᠷᠡᠭᠦᠯᠦᠨ᠂ ᠠᠬᠤᠢ ᠲᠠᠯᠠᠪᠠᠶ ᠳᠤ ᠨᠢ ᠠᠯᠪᠠᠯᠠᠨ ᠱᠠᠯᠠᠪᠳᠠᠭᠤᠯᠤᠨ ᠵᠢᠯᠤᠭᠤᠳᠴᠤ᠂ ᠲᠤᠷᠰᠢᠯᠭ᠎ᠠ ᠪᠠᠨ ᠰᠣᠯᠢᠯᠴᠠᠨ ᠳ᠋ᠦᠩᠨᠡᠵᠦ᠂ ᠰᠡᠳᠬᠢᠮᠵᠢ ᠬᠠᠷᠠᠭ᠎ᠠ ᠪᠠᠨ ᠦᠷᠭᠡᠳᠭᠡᠵᠦ᠂ ᠪᠥᠬᠦ ᠬᠤᠲᠠ ᠶᠢᠨ ᠬᠢᠨ ᠢ ᠳᠠᠶᠢᠴᠢᠯᠠᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠬᠠᠷᠠᠯᠲᠠ ᠡᠭᠦᠷᠭᠡ ᠶᠢᠨ ᠪᠣᠳᠠᠲᠠᠶ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃       ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ 14 ᠬᠤᠰᠢᠭᠤ ᠬᠤᠲᠠ ᠲᠣᠭᠤᠷᠢᠭ ᠪᠣᠯᠤᠨ ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠦᠷ᠎ᠡ ᠠᠰᠢᠭ ᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠮᠵᠢᠶ᠎ᠡ ᠶᠠᠰᠤ ᠴᠢᠨᠠᠷ ᠢ ᠨᠡᠮᠡᠭᠳᠡᠭᠦᠯᠬᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠣᠯᠤᠭᠰᠠᠨ ᠬᠢᠯᠠᠰ ᠴᠡᠭ ᠦᠷ᠎ᠡ ᠪᠦᠲᠦᠮᠵᠢ ᠶᠢ  ᠠᠬᠤᠢ ᠲᠠᠯᠠᠪᠠᠢ ᠳᠤ ᠨᠢ ᠲᠣᠭᠤᠷᠢᠨ ᠦᠵᠡᠵᠦ᠂ ᠬᠠᠷᠢᠯᠴᠠᠨ ᠰᠤᠷᠤᠯᠴᠠᠨ ᠲᠣᠯᠢᠯᠠᠬᠤ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ ᠬᠥᠭᠵᠢᠬᠦ᠂ ᠴᠢᠨᠠᠷ ᠰᠠᠶᠢᠲᠠᠶ ᠬᠥᠭᠵᠢᠬᠦ ᠶᠢᠨ ᠢᠲᠡᠭᠡᠯ ᠵᠣᠷᠢᠭ ᠢ ᠬᠥᠪᠴᠢᠯᠡᠨ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠦᠳᠡᠯᠭᠡᠭᠴᠢ ᠴᠢᠳᠠᠪᠤᠷᠢ ᠶᠢ ᠨᠡᠮᠡᠷᠢᠯᠡᠪᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ