ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠠᠢ ᠬᠤᠯᠪᠣᠭᠳᠠᠨ᠎ᠠ︕ ᠠᠯᠪᠠᠳᠠᠯᠭ᠎ᠠ ᠶᠢᠨ ᠴᠢᠨᠠᠷᠲᠠᠶ ᠪᠠᠷ ᠬᠡᠷᠡᠭᠵᠢᠭᠦᠯᠬᠦ ᠪᠠᠷ ᠪᠠᠶᠢᠨ᠎ᠠ︕
ᠨᠡᠶᠢᠲᠡᠯᠡᠭᠰᠡᠨ ᠴᠠᠭ᠄
2024/7/9
        ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠴᠢᠨᠠᠬᠰᠢᠳᠠ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷᠡᠴᠢᠯᠡᠯ ᠵᠥᠪᠰᠢᠶᠡᠷᠡᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠴᠠᠬᠢᠯᠭᠠᠨ ᠴᠡᠨᠡᠭᠯᠡᠭᠦᠷ ᠲᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CCC ᠭᠡᠷᠡᠴᠢᠯᠡᠯ︶ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄       ᠨᠢᠭᠡ᠂ 2024 ᠣᠨ ᠤ 10 ᠰᠠᠷ᠎ᠠ ᠶᠢᠨ 15 ᠤ ᠡᠳᠦᠷ ᠠᠴᠠ ᠡᠬᠢᠯᠡᠨ᠂ ᠵᠢᠭᠠᠨ ᠲᠣᠭᠲᠠᠭᠠᠭᠰᠠᠨ ᠭᠡᠷᠡᠴᠢᠯᠡᠯ ᠤᠨ ᠪᠠᠶᠢᠭᠤᠯᠤᠮᠵᠢ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠡᠷᠡᠭᠯᠡᠬᠦ ᠴᠠᠬᠢᠯᠭᠠᠨ ᠴᠡᠨᠡᠭᠯᠡᠭᠦᠷ ︵ᠦᠢᠯᠡᠳᠬᠦᠨ ᠤ ᠳᠦᠷᠰᠦᠯᠡᠯ ᠬᠢᠭᠡᠳ ᠵᠠᠭᠠᠭ ᠤᠨ ᠨᠠᠷᠢᠨ ᠲᠣᠳᠣᠷᠬᠠᠶ ᠳᠠᠭᠠᠯᠳᠤᠭᠤᠯᠤᠯ ᠢ ᠦᠵᠡ︶ ᠤᠨ CCC ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠵᠣᠬᠢᠬᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠤᠨ ᠬᠡᠷᠡᠭᠵᠢᠭᠦᠯᠬᠦ ᠲᠦᠷᠢᠮ ᠪᠠ ᠬᠡᠷᠡᠭᠯᠡᠭᠡᠨ ᠤ ᠪᠠᠷᠢᠮᠵᠢᠶ᠎ᠠ ᠶᠣᠰᠣᠭᠠᠷ CCC ᠭᠡᠷᠡᠴᠢᠯᠡᠯ ᠤᠨ ᠠᠵᠢᠯ ᠢ ᠥᠷᠨᠢᠭᠦᠯᠦᠨ᠎ᠡ᠃ ᠭᠡᠷᠡᠴᠢᠯᠡᠯ ᠤᠨ ᠲᠦᠭᠰᠢᠭᠦᠷᠢ ᠶᠢ ᠡᠵᠡᠮᠳᠡᠵᠦ ᠪᠣᠯᠬᠤ᠂ ᠭᠡᠷᠡᠴᠢᠯᠡᠯ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠨᠢᠭᠡᠨᠲᠡ ᠬᠢᠷᠢ ᠲᠡᠩᠴᠡᠵᠦ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠳᠡᠪᠬᠢᠲᠡᠶ ᠪᠠᠷ ᠦᠨᠡᠮᠰᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠂ ᠠᠵᠤ ᠠᠬᠤᠶᠢᠯᠠᠯ ᠤᠨ ᠦᠨᠡᠮᠯᠡᠯ ᠣᠯᠬᠤ ᠳᠤ ᠳᠥᠭᠦᠮ ᠦᠵᠡᠭᠦᠯᠬᠦ ᠬᠡᠷᠡᠭᠲᠡᠶ᠃       ᠬᠤᠶᠠᠷ᠂ 2025 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠴᠡᠨᠡᠭᠯᠡᠭᠦᠷ ᠢ CCC ᠪᠠᠷ ᠭᠡᠷᠡᠴᠢᠯᠡᠭᠦᠯᠬᠦ ᠶᠢᠨ ᠬᠠᠮᠲᠤ CCC ᠭᠡᠷᠡᠴᠢᠯᠡᠯ  ᠤᠨ ᠲᠡᠮᠳᠡᠭ ᠬᠠᠳᠠᠬᠰᠡᠨ ᠤ ᠳᠠᠷᠠᠭ᠎ᠠ ᠰᠠᠶ᠋ᠢ ᠦᠢᠯᠡᠳᠪᠦᠷᠢ ᠠᠴᠠ ᠭᠠᠷᠭᠠᠬᠤ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠪᠤᠰᠤᠳ ᠡᠵᠡᠩᠨᠡᠯᠲᠡ ᠶᠢᠨ ᠠᠵᠢᠯᠯᠠᠭ᠎ᠠ ᠳᠤᠮᠳᠠ ᠬᠡᠷᠡᠭᠯᠡᠵᠦ ᠪᠣᠯᠤᠨ᠎ᠠ᠃       ᠭᠤᠷᠪᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠬᠡᠷᠡᠭᠯᠡᠬᠦ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠴᠠᠬᠢᠯᠭᠠᠨ ᠴᠡᠨᠡᠭᠯᠡᠭᠦᠷ ᠲᠤ CCC ᠶᠢᠨ ᠭᠡᠷᠡᠴᠢᠯᠡᠯ ᠬᠢᠬᠦ᠂ ᠪᠠᠶᠢᠴᠠᠭᠠᠨ ᠬᠡᠮᠵᠢᠬᠦ ᠠᠵᠢᠯ ᠤᠨ ᠭᠡᠷᠡᠴᠢᠯᠡᠯ ᠤᠨ ᠪᠠᠶᠢᠭᠤᠯᠤᠮᠵᠢ ᠪᠣᠯᠤᠨ ᠲᠤᠷᠰᠢᠯᠲᠠ ᠶᠢᠨ ᠲᠠᠰᠤᠭ ᠢ ᠠᠰ ᠲᠤᠨᠢ ᠲᠣᠭᠲᠠᠭᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ