ᠬᠡᠯᠡ ᠬᠠᠭᠠᠷᠬᠠᠤ ᠨᠢ ᠡᠪᠡᠳᠴᠢᠨ ᠤᠯᠤᠬᠰᠠᠨ ᠤ ᠰᠢᠨᠵᠢ ᠲᠡᠮᠳᠡᠭ ᠤᠤ︖ ᠦᠨᠡᠨ ᠳᠡᠭᠡᠨ ᠪᠤᠯ ᠁
ᠨᠡᠶᠢᠲᠡᠯᠡᠭᠰᠡᠨ ᠴᠠᠭ᠄
2024/7/9
       ᠬᠡᠯᠡ ᠬᠠᠭᠠᠷᠬᠠᠤ ᠪᠣᠯ ᠨᠢᠭᠡ ᠵᠦᠢᠯ ᠤᠨ ᠬᠡᠪ ᠤᠨ ᠪᠤᠰᠤ ᠪᠤᠶᠢᠵᠢᠯᠲᠠ ᠶᠢᠨ ᠢᠯᠡᠷᠡᠯ ᠪᠤᠯᠬᠤ ᠪᠦᠭᠡᠳ ᠡᠪᠡᠳᠴᠢᠯᠡᠬᠦ ᠨᠣᠷᠮ᠎ᠠ ᠨᠢ ᠪᠠᠷᠤᠭ 8.8 % ᠪᠤᠯᠤᠨ᠎ᠠ᠃ ᠵᠠᠷᠢᠮ ᠬᠦᠮᠦᠨ ᠡᠨᠡ ᠬᠦ ᠡᠪᠡᠳᠴᠢᠨ ᠤ ᠰᠢᠯᠲᠠᠭᠠᠨ ᠶᠢ ᠲᠥᠷᠥᠯᠬᠢ ᠬᠡᠯᠨ ᠶᠢᠨ ᠪᠤᠶᠢᠵᠢᠯᠲᠠ ᠨᠢ ᠬᠡᠪ ᠤᠨ ᠪᠤᠰᠤ ᠠᠴᠠ ᠪᠤᠯᠵᠠᠢ ᠭᠡᠵᠦ ᠦᠵᠡᠵᠦ ᠪᠤᠢ᠂ ᠵᠠᠷᠢᠮ ᠬᠦᠮᠦᠨ ᠪᠠᠰᠠ ᠤᠳᠤᠮᠯᠠᠯ ᠤᠨ ᠡᠯᠧᠮᠧᠨ᠋ᠲ ᠪᠠ ᠣᠷᠴᠢᠨ ᠲᠣᠭᠤᠷᠢᠨ ᠤ ᠡᠯᠧᠮᠧᠨ᠋ᠲ ᠤᠨ ᠬᠠᠮᠲᠤ ᠶᠢᠨ ᠦᠢᠯᠡᠳᠦᠯ ᠤᠨ ᠦᠷ᠎ᠡ ᠳ᠋ᠦᠩ ᠭᠡᠵᠦ ᠦᠵᠡᠵᠦ ᠪᠤᠢ᠂ ᠪᠠᠰᠠ ᠵᠠᠷᠢᠮ ᠬᠦᠮᠦᠨ ᠲᠥᠷᠥᠯᠬᠢ ᠪᠤᠰᠤ ᠡᠯᠧᠮᠧᠨ᠋ᠲ᠂ ᠵᠢᠱᠢᠶᠡᠯᠡᠪᠡᠯ ᠭᠠᠵᠠᠷ ᠵᠦᠢ ᠶᠢᠨ ᠣᠷᠴᠢᠨ ᠲᠣᠭᠤᠷᠢᠨ᠂ ᠢᠳᠡᠭᠡᠨ ᠤᠮᠳᠠᠭᠠᠨ ᠤ ᠰᠢᠮ᠎ᠡ ᠲᠡᠵᠢᠭᠡᠯ᠂ ᠳᠣᠲᠣᠭᠠᠳᠤ ᠱᠦᠬᠦᠷᠡᠯ ᠤᠨ ᠠᠵᠢᠯᠯᠠᠭ᠎ᠠ ᠶᠢᠨ ᠰᠠᠮᠠᠭᠤᠷᠠᠯ ᠵᠡᠷᠭᠡ ᠲᠥᠷᠥᠯᠬᠢ ᠪᠤᠰᠤ ᠡᠯᠧᠮᠧᠨ᠋ᠲ ᠠᠴᠠ ᠪᠤᠯᠵᠠᠢ ᠭᠡᠵᠦ ᠦᠵᠡᠵᠦ ᠪᠤᠢ᠃ ᠰᠤᠳᠤᠯᠭᠠᠲᠠᠳ ᠬᠡᠯᠡ ᠬᠠᠭᠠᠷᠬᠠᠤ ᠨᠢ ᠵᠠᠷᠢᠮ ᠸᠢᠲ᠋ᠠᠮᠢᠨ ᠳᠤᠲᠠᠭᠳᠠᠬᠰᠠᠨ ︵ᠪᠥᠭᠡᠮ ᠤᠨ ᠰᠢᠷ᠎ᠠ ᠡᠳ᠋᠂ ᠵᠡᠰ︶ ᠪᠠ ᠵᠠᠷᠢᠮ ᠢᠳᠡᠭᠡᠨ ᠢ ᠢᠳᠡᠭᠰᠡᠨ ︵ᠭᠤᠱᠤᠭᠤᠨ᠂ ᠲᠣᠰᠣᠯᠢᠭ᠂ ᠬᠡᠲᠦᠷᠬᠡᠶ ᠬᠠᠲᠠᠭᠤ︶ ᠵᠢᠴᠢ ᠵᠠᠷᠢᠮ ᠡᠪᠡᠳᠴᠢᠨ ᠡᠮᠭᠡᠭ ︵ᠮᠥᠩᠭᠦᠨ ᠦᠷᠦᠪᠳᠡᠰᠦ ᠶᠢᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ︶ ᠤᠯᠤᠬᠰᠠᠨ ᠵᠡᠷᠭᠡ ᠲᠠᠢ ᠬᠤᠯᠪᠣᠭ᠎ᠠ ᠲᠠᠢ ᠭᠡᠵᠦ ᠦᠵᠡᠵᠦ ᠪᠤᠢ᠃       ᠵᠠᠷᠢᠮ ᠰᠤᠳᠤᠯᠭᠠᠨ ᠳᠤ᠂ ᠬᠡᠯᠨ ᠬᠠᠭᠠᠷᠬᠠᠤ ᠡᠪᠡᠳᠴᠢᠨ ᠤᠯᠬᠤ ᠨᠣᠷᠮ᠎ᠠ ᠨᠢ ᠨᠠᠰᠤ ᠨᠡᠮᠡᠭᠳᠡᠬᠦ ᠶᠢ ᠳᠠᠭᠠᠯᠳᠤᠨ ᠨᠡᠮᠡᠭᠳᠡᠵᠦ ᠪᠠᠶᠢᠨ᠎ᠠ᠃ ᠬᠡᠳᠦᠶᠢᠪᠡᠷ ᠲᠣᠮᠣ ᠬᠥᠮᠦᠨ ᠤ ᠬᠡᠯᠡ ᠬᠠᠭᠠᠷᠠᠬᠤ ᠨᠢ ᠬᠡᠦᠬᠡᠳ ᠠᠴᠠ ᠣᠯᠠᠨ ᠭᠠᠷᠭᠠᠳᠠᠭ ᠪᠣᠯᠪᠠᠴᠤ ᠬᠡᠯᠡ ᠬᠠᠭᠠᠷᠠᠬᠤ ᠨᠢ ᠳᠠᠩ ᠣᠪᠣᠭᠲᠤ ᠶᠢᠨ ᠶᠡᠷᠦᠩᠭᠡᠶᠢᠯᠡᠭᠰᠡᠨ ᠭᠡᠮ ᠤᠯᠤᠬᠰᠠᠨ ᠬᠡᠦᠬᠡᠳ ᠲᠤ ᠦᠷᠭᠦᠯᠵᠢ ᠲᠣᠬᠢᠶᠠᠯᠳᠤᠳᠠᠭ ᠨᠢᠭᠡᠨ ᠢᠯᠡᠷᠡᠯ ᠪᠤᠯᠤᠨ᠎ᠡ ᠭᠡᠵᠦ ᠲᠤᠳᠤᠷᠬᠠᠶᠢᠯᠠᠵᠠᠢ᠃       ᠡᠪᠡᠳᠴᠢᠨ ᠤ ᠢᠯᠡᠷᠡᠯ ᠰᠢᠨᠵᠢ ᠦᠭᠡᠢ ᠣᠯᠠᠩᠬᠢ ᠡᠪᠡᠳᠴᠢᠳᠡᠨ ᠤ ᠬᠠᠭᠠᠷᠬᠠᠶ ᠬᠡᠯᠡ ᠶᠢ ᠶᠡᠷᠦ ᠨᠢ ᠣᠨᠴᠠᠭᠠᠶ ᠡᠮᠴᠢᠯᠡᠭᠡ ᠬᠢᠬᠦ ᠴᠢᠬᠤᠯᠠ ᠦᠭᠡᠢ᠂ ᠡᠪᠡᠳᠴᠢᠲᠡᠨ ᠵᠢᠴᠢ ᠭᠡᠷ ᠤᠨ ᠠᠬᠠᠮᠠᠳ ᠨᠠᠷ ᠬᠡᠲᠦᠷᠬᠡᠶ ᠠᠶᠤᠵᠤ ᠰᠠᠨᠳᠤᠷᠬᠤ ᠬᠡᠷᠡᠭ ᠦᠭᠡᠢ᠃       ᠬᠡᠯᠡ ᠨᠢ ᠨᠡᠯᠢᠶᠡᠳ ᠭᠦᠨ ᠬᠠᠭᠠᠷᠠᠬᠰᠠᠨ ᠪᠤᠯ ᠬᠠᠭᠠᠷᠬᠠᠶ ᠪᠠᠷ ᠨᠢ ᠢᠳᠡᠭᠡᠨ ᠤ ᠦᠯᠡᠳᠡᠭᠳᠡᠯ ᠤᠷᠤᠬᠤ ᠮᠠᠭᠠᠳ ᠦᠭᠡᠢ᠂ ᠡᠨᠡ ᠨᠢ ᠪᠠᠺᠲ᠋ᠧᠷᠢ ᠶᠢᠨ ᠬᠠᠯᠳᠠᠪᠤᠷᠢᠯᠠᠯ ᠪᠤᠶᠤ ᠵᠢᠩᠬᠢᠨᠢ ᠮᠥᠭᠦ ᠶᠢᠨ ᠬᠠᠯᠳᠠᠪᠤᠷᠢᠯᠠᠯ ᠢ ᠡᠭᠦᠰᠭᠡᠬᠦ ᠶᠢᠨ ᠤᠯᠠᠮ ᠢᠶᠠᠷ ᠬᠡᠯᠡᠨ ᠤ ᠦᠷᠪᠢᠰᠦᠯ ᠪᠤᠶᠤ ᠠᠮᠠᠨ ᠤ ᠦᠮᠡᠬᠡᠢᠷᠡᠯ ᠢ ᠡᠭᠦᠰᠭᠡᠵᠦ ᠮᠡᠳᠡᠨ᠎ᠡ᠂ ᠡᠶᠢᠮᠦ ᠠᠴᠠ ᠬᠡᠯᠡ ᠬᠠᠭᠠᠷᠬᠠᠤ ᠡᠪᠡᠳᠴᠢᠨ ᠤᠯᠤᠬᠰᠠᠨ ᠡᠪᠡᠳᠴᠢᠲᠡᠨ ᠡᠳᠦᠷ ᠪᠦᠷᠢ ᠰᠢᠳᠦ ᠪᠠᠨ ᠱᠤᠸᠠᠰᠠᠳᠠᠬᠤ ᠦᠶ᠎ᠡ ᠳᠤ ᠬᠡᠯᠡᠨ ᠤ ᠠᠷᠢᠭᠤᠨ ᠴᠡᠪᠡᠷ ᠢᠶᠠᠨ ᠠᠩᠬᠠᠷᠬᠤ ᠬᠡᠷᠡᠭᠲᠡᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ