ᠬᠦᠯᠦᠨ ᠵᠠᠰᠠᠭ ᠠᠯᠪᠠᠨ ᠥᠰᠥᠭ ︹2024︺ 29 ᠳ᠋ᠤᠭᠡᠷ ᠲᠣᠭᠠᠲᠤ | | | ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠨᠢᠭᠡᠴᠢ ᠳᠤ᠄ | 2024 ᠣᠨ ᠤ ᠡᠷᠡᠭᠲᠡᠶ ᠶᠢᠨ ᠪᠤᠶᠢᠺᠤ ᠪᠥᠮᠪᠦᠭᠡ ᠶᠢᠨ ᠠᠽᠢᠶ᠎ᠠ ᠲᠢᠪ ᠤᠨ ᠮᠠᠩᠯᠠᠢ ᠬᠤᠨᠳᠠᠭᠠᠲᠤ ᠤᠷᠤᠯᠳᠤᠭᠠᠨ ︵ᠳᠣᠷᠣᠭᠰᠢ ᠠᠽᠢᠶ᠎ᠠ ᠶᠢᠨ | ᠪᠤᠶᠢᠺᠦ ᠤᠷᠤᠯᠳᠤᠭᠠᠨ ᠭᠡᠵᠦ ᠲᠣᠪᠴᠢᠯᠠᠨ᠎ᠠ︶ ᠤ ᠪᠡᠯᠡᠳᠬᠡᠯ ᠠᠵᠢᠯ ᠤᠨ ᠵᠢᠯᠣᠭᠤᠳᠤᠯᠭ᠎ᠠ ᠶᠢ ᠦᠨᠡᠨ ᠬᠦ ᠴᠢᠩᠭᠠᠳᠬᠠᠵᠤ᠂ ᠮᠤᠷᠢᠨᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢᠨ ᠤᠷᠤᠯᠳᠤᠭᠠᠨ ᠤ ᠪᠡᠯᠡᠳᠬᠡᠯ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠳᠡᠮᠵᠢᠬᠦ ᠶᠢᠨ ᠲᠥᠯᠥᠭᠡ᠂ | ᠬᠤᠲᠠ ᠶᠢᠨ ᠵᠠᠰᠠᠭ ᠤᠨ ᠣᠷᠳᠣᠨ ᠠᠴᠠ 2024 ᠣᠨ ᠤ ᠡᠷᠡᠭᠲᠡᠶ ᠶᠢᠨ ᠪᠤᠶᠢᠺᠤ ᠪᠥᠮᠪᠦᠭᠡ ᠶᠢᠨ ᠠᠽᠢᠶ᠎ᠠ ᠲᠢᠪ ᠤᠨ ᠮᠠᠩᠯᠠᠢ ᠬᠤᠨᠳᠠᠭᠠᠲᠤ ᠤᠷᠤᠯᠳᠤᠭᠠᠨ ᠤ | ᠬᠥᠯᠥᠨ ᠪᠤᠶᠢᠷ ᠬᠤᠲᠠ ᠶᠢᠨ ᠵᠢᠯᠣᠭᠤᠳᠤᠨ ᠵᠣᠬᠢᠴᠠᠭᠤᠯᠬᠤ ᠠᠵᠢᠯ ᠤᠨ ᠳᠤᠭᠤᠶᠢᠯᠠᠩ ︵ᠳᠣᠷᠣᠭᠰᠢ ᠠᠵᠢᠯᠯᠠᠬᠤ ᠳᠤᠭᠤᠶᠢᠯᠠᠩ ᠭᠡᠵᠦ ᠲᠣᠪᠴᠢᠯᠠᠨ᠎ᠠ︶ ᠢ | ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠳᠤᠭᠤᠶᠢᠯᠠᠩ ᠤᠨ ᠳᠠᠷᠤᠭ᠎ᠠ᠄ ᠸᠧᠨ ᠶᠢᠨ ᠯᠸᠢ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠪᠦᠷᠢᠯᠳᠦᠬᠦᠨ᠄ ᠡᠤ ᠶᠢᠨ ᠵᠧ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠠᠶᠢᠭᠤᠯᠭ᠎ᠠ ᠶᠢᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠸᠧᠨ ᠾᠧ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ ᠺᠤᠸᠠᠩ ᠵᠦᠸᠧ ᠬᠤᠳᠠ ᠶᠢᠨ ᠪᠡᠶ᠎ᠡ ᠲᠠᠮᠢᠷ ᠤᠨ ᠲᠤᠪᠴᠢᠶ᠎ᠠ ᠶᠢᠨ ᠲᠠᠷᠤᠭ᠎ᠠ ᠽᠠᠩ ᠵᠤ᠋ ᠴᠢᠶᠠᠩ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶᠠᠨ ᠤ ᠳᠠᠷᠤᠭ᠎ᠠ ᠦ᠋ ᠲᠢᠶᠧ ᠬᠤᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠶᠠᠩ | ᠵᠥᠩ ᠵᠧᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠬᠠᠶᠢᠯᠠᠷ ᠬᠤᠲᠠ ᠶᠢᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ | ᠭᠡᠷ ᠤᠨ ᠡᠷᠬᠢᠯᠡᠭᠴᠢ ᠯᠢᠦ ᠵᠢᠶᠠᠨ ᠸᠧᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠵᠠᠩ ᠬᠠᠢ ᠵᠢᠶᠦ᠋ᠨ ᠬᠤᠲᠠ ᠶᠢᠨ ᠪᠡᠶ᠎ᠡ | ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠵᠠᠩ ᠬᠤᠩ ᠭᠦᠸᠧ ᠬᠤᠲᠠ ᠶᠢᠨ ᠪᠡᠶ᠎ᠡ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠴᠤᠯᠮᠤᠨ ᠡᠪᠯᠡᠯ ᠤᠨ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠯᠢ ᠵᠥᠩ ᠸᠧᠶ ᠬᠥᠯᠥᠨ ᠪᠤᠶᠢᠷ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ︵ᠪᠦᠯᠦᠭᠯᠡᠯ︶ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠠᠵᠢᠯᠯᠠᠬᠤ ᠳᠤᠭᠤᠶᠢᠯᠠᠩ ᠤᠨ ᠠᠯᠪᠠᠨ ᠬᠡᠷ ᠢ | ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠺᠤᠸᠠᠩ ᠵᠦᠸᠧ ᠨᠥᠬᠦᠷ ᠬᠠᠪᠰᠤᠷᠭᠠᠨ | ᠬᠠᠷᠢᠭᠤᠴᠠᠵᠤ᠂ ᠠᠯᠪᠠᠨ ᠬᠡᠷ ᠤᠨ ᠠᠵᠢᠯᠲᠠᠨ ᠢ ᠠᠵᠢᠯᠯᠠᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠪᠣᠳᠠᠲᠠᠶ ᠠᠵᠢᠯ ᠤᠨ ᠬᠠᠷᠢᠭᠤᠴᠠᠯᠭᠠᠲᠠᠨ | ᠨᠥᠬᠦᠳ ᠡᠭᠦᠷᠭᠡᠯᠡᠨ᠎ᠡ᠃ | ᠬᠤᠶᠠᠷ᠂ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢ | ᠵᠢᠯᠣᠭᠤᠳᠤᠨ ᠳᠡᠮᠵᠢᠬᠦ ᠲᠤᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠶᠢᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ᠂ | ᠠᠮᠤᠷ ᠲᠦᠪᠰᠢᠨ ᠤ ᠪᠠᠲᠤᠯᠠᠭ᠎ᠠ᠂ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠ ᠰᠠᠶᠢᠨ ᠳᠤᠷᠠᠴᠤᠳ ᠤᠨ ᠦᠢᠯᠡᠴᠢᠯᠡᠭᠡ ᠵᠡᠷᠭᠡ ᠲᠠᠯ᠎ᠠ ᠪᠠᠷ ᠮᠣᠷᠢᠨᠳᠠᠪᠠᠭ᠎ᠠ | ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠲᠣᠰ ᠲᠣᠰ ᠵᠢᠯᠣᠭᠤᠳᠣᠯᠭ᠎ᠠ ᠪᠠ ᠬᠠᠪᠰᠤᠷᠤᠯᠭ᠎ᠠ ᠦᠵᠡᠭᠦᠯᠵᠦ᠂ ᠠᠽᠢᠶ᠎ᠠ ᠲᠢᠪ ᠤᠨ ᠪᠤᠶᠢᠺᠦ | ᠪᠦᠮᠪᠦᠭᠡ ᠶᠢᠨ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠶᠢ ᠬᠤᠲᠠ ᠶᠢᠨ ᠲᠣᠰ ᠱᠠᠲᠤᠨ ᠤ ᠳᠠᠪᠬᠤᠷᠭ᠎ᠠ ᠠᠴᠠ ᠬᠦᠴᠦᠲᠡᠶ ᠳᠡᠮᠵᠢᠯᠭᠡ ᠦᠵᠡᠭᠦᠯᠪᠡ᠃ | ᠭᠤᠷᠪᠠ᠂ ᠪᠤᠰᠤᠳ ᠵᠦᠢᠯ ᠠᠵᠢᠯᠯᠠᠬᠤ ᠳᠤᠭᠤᠶᠢᠯᠠᠩ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠶᠢᠨ ᠬᠠᠮᠢᠶᠠᠷᠤᠯᠳᠠ ᠬᠢᠬᠦ ᠦᠭᠡᠢ᠂ ᠠᠽᠢᠶ᠎ᠠ ᠲᠢᠪ ᠤᠨ ᠪᠤᠶᠢᠺᠦ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠪᠡᠯᠡᠳᠬᠡᠯ ᠠᠵᠢᠯ | ᠳᠠᠭᠤᠰᠤᠭᠰᠠᠨ ᠤ ᠳᠠᠷᠠᠭ᠎ᠠ ︵ᠵᠢᠱᠢᠯᠲᠡ ᠪᠠᠷ 9 ᠰᠠᠷ᠎ᠠ ᠶᠢᠨ ᠰᠡᠭᠦᠯᠴᠢ︶ ᠠᠵᠢᠯᠯᠠᠬᠤ ᠳᠤᠭᠤᠶᠢᠯᠠᠩ ᠥᠪᠡᠰᠦᠪᠡᠨ ᠬᠦᠴᠦᠨ ᠥᠬᠡᠶ ᠪᠤᠯᠤᠨ᠎ᠠ᠃ | | | 2024 ᠣᠨ ᠤ 8 ᠰᠠᠷ᠎ᠠ ᠶᠢᠨ 6 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |