︽ᠲᠤᠰᠬᠠᠶ ᠠᠰᠢᠭ ᠤᠨ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠡᠳ᠋ ᠭᠠᠶᠢᠯᠢ〔 2024〕23 ᠳ᠋ᠤᠭᠠᠷ ᠲᠣᠭᠠᠲᠤ︶᠂ ︽ᠲᠤᠰᠬᠠᠶ | ᠠᠰᠢᠭ ᠤᠨ ᠡᠷᠬᠡ ᠶᠢᠨ ᠨᠥᠬᠦᠪᠥᠷᠢ ᠶᠢᠨ ᠬᠤᠭᠤᠴᠠᠭᠠᠨ ᠤ ᠣᠨ ᠤ ᠰᠦᠢᠳᠬᠡᠯ ᠤᠨ ᠪᠠᠷᠢᠮᠵᠢᠶ᠎ᠠ ᠵᠡᠷᠭᠡ ᠬᠤᠯᠪᠣᠭᠳᠠᠯ ᠪᠥᠬᠦᠶ ᠵᠦᠢᠯᠡᠰ ᠤᠨ ᠲᠤᠬᠠᠶ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ〔 | 2024〕 1156 ᠳ᠋ᠤᠭᠠᠷ ᠲᠣᠭᠠᠲᠤ︶ ᠢ ᠦᠨᠳᠦᠰᠦᠯᠡᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠢᠨ | ᠳᠡᠭᠡᠷ᠎ᠡ ᠳᠤᠷᠠᠳᠤᠭᠰᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠰᠡᠭ ᠲᠤᠰᠬᠠᠶ ᠠᠰᠢᠭ ᠤᠨ ᠰᠦᠢᠳᠭᠡᠯ ᠬᠤᠷᠢᠶᠠᠬᠤ ᠪᠠᠷᠢᠮᠵᠢᠶ᠎ᠠ ᠪᠠ ᠬᠠᠰᠤᠵᠤ | ᠲᠤᠰᠢᠶᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠲᠤᠰᠬᠠᠢ ᠠᠰᠢᠭ ᠤᠨ ᠡᠷᠬᠡᠲᠦ ᠬᠥᠮᠦᠨ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠭᠠᠷᠭᠠᠪᠠᠯ᠂ | ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠤᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠬᠤᠷᠢᠶᠠᠬᠤ | ᠪᠠᠷᠢᠮᠵᠢᠶ᠎ᠠ ᠨᠢ ᠵᠦᠢᠯ ᠪᠦᠷᠢ ᠳᠤ 200 ᠲᠥᠭᠦᠷᠢᠭ ᠪᠣᠯᠤᠨ᠎ᠠ᠃ ᠲᠤᠰᠬᠠᠶ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ ᠭᠤᠶᠤᠴᠢᠯᠠᠯ ᠢ ᠬᠢᠨᠠᠨ | ᠪᠠᠶᠢᠴᠠᠭᠠᠭᠠᠳ ᠬᠤᠭᠤᠴᠠᠭ᠎ᠠ ᠬᠢᠵᠠᠭᠠᠷ ᠤᠨ ᠨᠥᠬᠦᠪᠥᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠰᠬᠠᠶ ᠠᠰᠢᠭ ᠤᠨ ᠡᠷᠬᠡ ᠶᠢᠨ ᠨᠥᠬᠦᠪᠥᠷᠢ ᠥᠭᠬᠦ | ᠬᠤᠭᠤᠴᠠᠭᠠᠨ ᠤ ᠵᠢᠯ ᠤᠨ ᠰᠦᠢᠳᠭᠡᠯ ᠲᠤᠰᠢᠶᠠᠬᠤ ᠬᠡᠷᠡᠭᠲᠡᠶ᠂ ᠰᠦᠢᠳᠭᠡᠯ ᠬᠤᠷᠢᠶᠠᠬᠤ ᠪᠠᠷᠢᠮᠵᠢᠶ᠎ᠠ ᠨᠢ ᠵᠦᠢᠯᠡᠰ ᠪᠦᠷᠢ ᠠᠴᠠ ᠵᠢᠯ ᠳᠤ 8000 ᠲᠥᠭᠦᠷᠢᠭ | ᠬᠤᠷᠢᠶᠠᠨ᠎ᠠ᠂ ᠨᠢᠭᠡ ᠵᠢᠯ ᠬᠥᠷᠬᠦ ᠥᠬᠡᠶ ᠬᠡᠰᠡᠭ ᠠᠴᠠ ᠰᠦᠢᠳᠭᠡᠯ ᠬᠤᠷᠢᠶᠠᠬᠤ ᠥᠬᠡᠶ᠃᠃ | ᠬᠤᠶᠠᠷ᠂ ᠲᠤᠰᠬᠠᠶ ᠠᠰᠢᠭ ᠤᠨ ᠨᠡᠭᠡᠭᠡᠯᠲᠡ ᠬᠢᠬᠦ ᠶᠢ ᠵᠥᠪᠰᠢᠶᠡᠷᠡᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ ᠲᠤᠰᠬᠠᠶ ᠠᠰᠢᠭ ᠤᠨ ᠣᠨ ᠤ ᠵᠠᠷᠤᠳᠠᠯ ᠢ | 15% ᠪᠠᠷ ᠬᠠᠰᠤᠵᠤ ᠭᠡᠯᠳᠦᠷᠢᠭᠦᠯᠦᠨ᠎ᠡ᠃ ᠡᠭᠦᠨ ᠤ ᠬᠠᠮᠲᠤ ᠲᠤᠰᠬᠠᠶ ᠠᠰᠢᠭ ᠤᠨ ᠰᠦᠢᠳᠭᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠪᠤᠰᠤᠳ ᠲᠥᠷᠥ ᠶᠢᠨ | ᠪᠣᠳᠣᠯᠭ᠎ᠠ ᠶᠢ ᠬᠡᠷᠡᠭᠯᠡᠬᠦ ᠳᠤ ᠳᠣᠭᠢᠷᠠᠪᠠᠯ᠂ ᠬᠠᠮᠤᠭ ᠤᠨ ᠬᠠᠷᠠᠭᠠᠯᠵᠠᠯ ᠲᠠᠢ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠤᠨ᠎ᠠ᠂ ᠭᠡᠪᠡᠴᠦ ᠳᠠᠪᠬᠤᠷᠳᠠᠭᠤᠯᠤᠨ | ᠭᠥᠷᠳᠡᠵᠦ ᠪᠣᠯᠬᠤ ᠥᠬᠡᠶ᠃ | |