30 ᠮᠢᠨᠦ᠋ᠲ ᠠᠴᠠ ᠳᠡᠭᠡᠭᠰᠢ ᠬᠥᠳᠡᠯᠭᠡᠭᠡᠨ ᠬᠢᠪᠡᠯ ᠰᠠᠶ᠋ᠢ ᠮᠠᠷᠢᠶ᠎ᠠ ᠰᠢᠭᠤᠷᠠᠭᠤᠯᠵᠤ ᠴᠢᠳᠠᠨ᠎ᠠ ᠬᠡᠵᠢ ᠤᠤ︖
ᠨᠡᠶᠢᠲᠡᠯᠡᠭᠰᠡᠨ ᠴᠠᠭ᠄
2024/8/8
       ᠡᠬᠢᠯᠡᠵᠦ ᠪᠣᠯᠪᠠᠰᠤᠷᠠᠬᠤ ᠦᠶ᠎ᠡ ᠳᠤ᠂ ᠮᠠᠨ ᠤ ᠪᠡᠶ᠎ᠡ ᠶᠢᠨ ᠳᠣᠲᠣᠷᠠᠬᠢ ᠠᠩᠬᠠᠨ ᠤ ᠰᠢᠬᠢᠷ ᠪᠣᠯᠤᠨ ᠥᠭᠡᠬᠦ ᠬᠠᠮᠲᠤ ᠪᠠᠷ ᠬᠥᠮᠦᠨ ᠤ ᠪᠡᠶ᠎ᠡ ᠳᠤ ᠡᠨᠧᠷᠭᠢ ᠬᠠᠩᠭᠠᠵᠤ᠂ ᠬᠥᠳᠡᠯᠭᠡᠭᠡᠨ ᠬᠢᠬᠦ ᠴᠠᠭ ᠨᠢ ᠤᠷᠲᠤ ᠪᠤᠯᠪᠠᠯ ᠬᠤᠷᠤᠬᠳᠠᠯ ᠨᠢ ᠠᠷᠪᠢᠨ ᠪᠠᠶᠢᠳᠠᠭ᠃ ᠭᠤᠴᠢᠨ ᠮᠢᠨᠦ᠋ᠲ ᠬᠥᠳᠡᠯᠭᠡᠭᠡᠨ ᠬᠢᠪᠠᠯ ᠰᠠᠶ᠋ᠢ ᠮᠠᠷᠢᠶ᠎ᠠ ᠰᠢᠭᠤᠷᠠᠭᠤᠯᠵᠤ ᠲᠠᠶᠢᠯᠤᠨ᠎ᠠ ᠭᠡᠳᠡᠭ᠂ ᠨᠠᠩ ᠰᠢᠨᠵᠢᠯᠡᠬᠦ ᠤᠬᠠᠭᠠᠨᠴᠢ ᠬᠡᠯᠡᠯᠭᠡ ᠪᠣᠯ᠄ ᠭᠤᠴᠢᠨ ᠮᠢᠨᠦ᠋ᠲ ᠬᠥᠳᠡᠯᠭᠡᠭᠡᠨ ᠬᠢᠪᠠᠯ ᠰᠠᠶ᠋ᠢ ᠥᠭᠡᠬᠦ ᠶᠢᠨ ᠬᠤᠷᠣᠭᠳᠠᠯ ᠢᠯᠡᠷᠬᠡᠶ ᠲᠦᠷᠭᠡᠳᠦᠨ᠎ᠡ᠃       ᠵᠠᠷᠢᠮ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠬᠥᠳᠡᠯᠭᠡᠭᠡᠨ ᠤ ᠡᠬᠢᠨ ᠤ ᠬᠤᠭᠤᠴᠠᠭᠠᠨ ᠳᠤ ᠥᠭᠡᠬᠦ ᠶᠢᠨ ᠡᠨᠧᠷᠭᠢ ᠬᠠᠩᠭᠠᠬᠤ ᠬᠠᠷᠢᠴᠠᠯ ᠨᠢ 40% ᠬᠦᠷᠳᠡᠭ᠂ ᠭᠡᠳᠡᠯ᠎ᠡ ᠠᠷᠪᠠᠨ ᠮᠢᠨᠦ᠋ᠲ ᠣᠷᠴᠢᠮ ᠬᠥᠳᠡᠯᠭᠡᠭᠡᠨ ᠬᠢᠪᠡᠯ ᠥᠭᠡᠬᠦ ᠶᠢᠨ ᠡᠨᠧᠷᠭᠢ ᠬᠠᠩᠭᠠᠬᠤ ᠬᠠᠷᠢᠴᠠᠯ ᠨᠢ 50 % ᠬᠦᠷᠴᠦ᠂ ᠠᠩᠬᠠᠨ ᠤ ᠰᠢᠬᠢᠷ ᠲᠠᠢ ᠲᠡᠩᠴᠡᠳᠡᠭ᠃       ᠤᠴᠢᠷ ᠨᠢ ᠠᠩᠬᠠᠨ ᠤ ᠰᠢᠬᠢᠷ ᠤᠨ ᠬᠥᠮᠦᠨ ᠤ ᠪᠡᠶ᠎ᠡ ᠳᠤ ᠬᠠᠳᠠᠭᠠᠯᠠᠭᠳᠠᠬᠤ ᠬᠡᠮᠵᠢᠶ᠎ᠡ ᠨᠢ ᠥᠭᠡᠬᠦ ᠲᠠᠢ ᠠᠳᠠᠯᠢᠳᠬᠠᠬᠤ ᠶᠢᠨ ᠠᠷᠭ᠎ᠠ ᠦᠭᠡᠢ᠂ ᠠᠩᠬᠠᠨ ᠤ ᠰᠢᠬᠢᠷ ᠬᠥᠳᠡᠯᠭᠡᠭᠡᠨ ᠬᠢᠬᠦ ᠶᠢ ᠳᠠᠭᠠᠯᠳᠤᠨ ᠲᠦᠷᠭᠡᠨ ᠬᠤᠷᠣᠭᠳᠠᠬᠤ ᠦᠶ᠎ᠡ ᠳᠤ᠂ ᠪᠡᠶ᠎ᠡ ᠨᠢ ᠠᠷᠭ᠎ᠠ ᠪᠤᠰᠤ ᠪᠡᠶ᠎ᠡ ᠶᠢᠨ ᠳᠣᠲᠣᠷ᠎ᠠ ᠬᠠᠳᠠᠭᠠᠯᠠᠭᠳᠠᠵᠦ ᠪᠠᠶᠢᠭ᠎ᠠ ᠥᠭᠡᠬᠦ ᠶᠢ ᠬᠡᠷᠡᠭᠯᠡᠳᠡᠭ ᠪᠠᠶᠢᠨ᠎ᠠ᠃       ᠭᠡᠪᠡᠴᠦ᠂ ᠡᠨᠡ ᠨᠢ ᠬᠡᠳᠦᠶ ᠤᠳᠠᠭᠠᠨ ᠬᠥᠳᠡᠯᠭᠡᠭᠡᠨ ᠬᠢᠪᠡᠯ ᠲᠡᠳᠦᠶ ᠰᠠᠶᠢᠨ ᠭᠡᠰᠡᠨ ᠦᠭᠡ ᠪᠢᠰᠢ᠂ ᠪᠡᠶ᠎ᠡ ᠮᠠᠬᠠᠪᠣᠳ ᠤᠨ ᠶᠠᠳᠠᠷᠠᠯ ᠵᠢᠴᠢ ᠬᠥᠳᠡᠯᠭᠡᠭᠡᠨ ᠤ ᠭᠡᠮᠲᠦᠯ ᠭᠠᠷᠬᠤ ᠠᠶᠤᠯ ᠠᠴᠠ ᠰᠡᠷᠭᠡᠶᠢᠯᠡᠬᠦ ᠶᠢᠨ ᠲᠤᠰᠠᠳᠠ ᠬᠠᠷᠢᠴᠠᠩᠭᠤᠶ ᠪᠠᠷ ᠨᠢᠭᠡ ᠴᠠᠭ ᠠᠴᠠ ᠭᠡᠳᠦᠷᠡᠬᠦᠯᠬᠦ ᠦᠭᠡᠢ ᠬᠦᠳᠡᠯᠭᠡᠭᠡᠨ ᠬᠢᠪᠡᠯ ᠬᠠᠮᠤᠭ ᠰᠠᠶᠢᠨ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ