ᠲᠦᠷᠦᠭᠦᠬᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠤᠷᠭᠠᠭᠤᠯᠢ ᠶᠢᠨ ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠢ ᠦᠨ᠎ᠡ | ᠲᠥᠯᠥᠪᠦᠷᠢ ᠥᠬᠡᠶ ᠪᠠᠷ ᠳᠠᠷᠢᠬᠤ ᠶᠢ ᠠᠬᠢᠭᠤᠯᠬᠤ ᠲᠤᠬᠠᠶ ᠰᠠᠨᠠᠭᠤᠯᠭ᠎ᠠ ᠶᠢᠨ ᠲᠤᠬᠠᠢ ᠬᠠᠷᠢᠭᠤ ᠥᠭᠪᠡ᠃ ᠬᠠᠷᠢᠭᠤ ᠦᠭᠭᠦ ᠳᠡᠭᠡᠨ᠂ 2024 ᠣᠨ ᠳᠤ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠵᠣᠬᠢᠴᠠᠭᠤᠯᠵᠤ᠂ ᠰᠧᠴᠤᠸᠠᠨ ᠮᠤᠵᠢ ᠶᠢᠨ ᠯᠢᠶᠠᠩᠱᠠᠨ | ᠵᠧᠤ᠂ ᠶᠦᠨᠨᠠᠨ ᠮᠤᠵᠢ ᠶᠢᠨ ᠯᠢᠵᠢᠶᠠᠩ ᠬᠤᠲᠠ ᠳᠤ ᠰᠠᠪᠠ ᠶᠢᠨ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ | ᠲᠥᠷᠥᠯ ᠵᠦᠢᠯ ᠤᠨ ᠭᠠᠵᠠᠷ ᠣᠷᠣᠨ ᠤ ᠰᠤᠷᠭᠠᠭᠤᠯᠢ ᠶᠢᠨ ᠨᠠᠰᠤᠨ ᠤ ᠦᠬᠢᠳ ᠲᠤ HPV ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠬᠤ ᠶᠢ ᠳᠡᠮᠵᠢᠨ᠎ᠡ᠃ | ᠳᠠᠷᠠᠭ᠎ᠠ ᠪᠠᠷ HPV ᠸᠠᠺᠼᠢᠨ ᠢ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠬᠤ ᠡᠰᠡᠬᠦ ᠶᠢ ᠬᠡᠷᠡᠭᠴᠡᠭᠡ ᠪᠠ ᠸᠠᠺᠼᠢᠨ ᠤ ᠲᠣᠰ ᠪᠡᠶ᠎ᠡ ᠶᠢᠨ | ᠠᠮᠤᠷ ᠲᠦᠪᠰᠢᠨ ᠴᠢᠨᠠᠷ᠂ ᠪᠦᠲᠦᠮᠵᠢᠲᠦ ᠴᠢᠨᠠᠷ᠂ ᠪᠣᠯᠤᠮᠵᠢᠲᠤ ᠴᠢᠨᠠᠷ ᠵᠡᠷᠭᠡ ᠲᠠᠢ ᠤᠶᠠᠯᠳᠤᠭᠤᠯᠤᠨ ᠴᠢᠩᠭ᠎ᠠ ᠨᠤᠲᠠᠯᠠᠭᠰᠠᠨ ᠰᠠᠭᠤᠷᠢᠨ ᠳᠡᠭᠡᠷ᠎ᠡ ᠰᠤᠳᠤᠯᠤᠨ | ᠲᠣᠭᠲᠠᠭᠠᠨ᠎ᠠ ᠬᠡᠪᠡ᠃ | ᠬᠠᠷᠢᠭᠤ ᠦᠭᠭᠦ ᠳᠡᠭᠡᠨ ᠪᠠᠰᠠ ᠣᠳᠣᠬᠠᠨ ᠳᠤ ᠵᠢᠶᠠᠩᠰᠦ᠂ ᠵᠧᠵᠢᠶᠠᠩ᠂ ᠹᠦᠵᠢᠶᠠᠨ᠂ ᠵᠢᠶᠠᠩᠰᠢ᠂ ᠱᠠᠨᠳᠦ᠋ᠩ᠂ ᠬᠤᠪᠸᠢ᠂ ᠭᠤᠸᠠᠩᠳᠦ᠋ᠩ᠂ ᠬᠠᠶᠢᠨᠠᠨ᠂ | ᠴᠦᠩᠴᠢᠩ᠂ ᠲᠥᠪᠡᠳ ᠵᠡᠷᠭᠡ 10 ᠮᠤᠵᠢ ᠣᠷᠣᠨ ᠪᠠ ᠵᠧᠩᠵᠸᠦ᠂ ᠴᠧᠩᠳᠦ᠋᠂ ᠣᠷᠳᠣᠰ᠂ ᠱᠢ ᠵᠢᠶᠠ ᠵᠤᠸᠠᠩ ᠵᠡᠷᠭᠡ ᠬᠤᠲᠠ ᠶᠢᠨ ᠬᠢᠨ ᠨᠢᠭᠡᠨᠲᠡ HPV | ᠸᠠᠺᠼᠢᠨ ᠳᠠᠷᠢᠬᠤ ᠶᠢ ᠵᠠᠰᠠᠭ ᠤᠨ ᠣᠷᠳᠣᠨ ᠤ ᠠᠷᠠᠳ ᠤᠨ ᠲᠥᠯᠥᠭᠡ ᠪᠣᠳᠠᠲᠠᠶ ᠶᠠᠪᠤᠳᠠᠯ ᠬᠢᠬᠦ ᠵᠦᠢᠯᠡᠰ ᠲᠤ ᠣᠷᠣᠭᠤᠯᠵᠤ᠂ ᠡᠳ᠋ ᠤᠨ ᠵᠠᠰᠠᠭ ᠠᠴᠠ ᠦᠢᠯᠡᠴᠢᠯᠡᠭᠡ | ᠶᠢ ᠬᠤᠳᠠᠯᠳᠤᠨ ᠠᠪᠬᠤ᠂ ᠲᠣᠭᠲᠠᠭᠰᠠᠨ ᠲᠣᠭᠠᠨ ᠤ ᠨᠥᠬᠦᠪᠥᠷᠢ ᠥᠭᠬᠦ ᠪᠤᠶᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠵᠠᠭᠪᠤᠷ ᠢᠶᠠᠷ ᠳᠠᠮᠵᠢᠭᠤᠯᠤᠨ᠂ | ᠲᠤᠬᠢᠷᠠᠬᠤ ᠨᠠᠰᠤᠨ ᠤ ᠦᠬᠢᠳ ᠲᠤ ᠤᠯᠤᠰ ᠤᠨ ᠦᠢᠯᠡᠳᠪᠦᠷᠢᠯᠡᠭᠰᠡᠨ HPV ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠵᠤ ᠦᠭᠭᠦᠨ᠎ᠡ ᠭᠡᠵᠦ | ᠲᠤᠷᠠᠳᠴᠠᠢ᠃ | |