ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ | ᠬᠡᠷᠡᠭᠵᠢᠭᠦᠯᠬᠦ ᠲᠤᠬᠠᠢ ᠲᠣᠭᠲᠠᠭᠠᠯ︾ ᠢ ᠪᠠᠲᠤᠯᠠᠪᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠳᠠᠰᠤᠨ ᠤ 12333 App ᠵᠡᠷᠭᠡ ᠰᠦᠯᠵᠢᠶᠡᠨ ᠳᠡᠭᠡᠷᠡᠬᠢ | ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ | ᠲᠤᠬᠠᠢ ᠪᠤᠳᠤᠯᠭ᠎ᠠ ᠶᠢᠨ ᠠᠷᠭ᠎ᠠ︾ ᠶᠢᠨ ᠵᠢᠵᠢᠭ ᠫᠷᠤᠭ᠍ᠷᠠᠮ ᠳᠤ ᠤᠷᠤᠵᠤ᠂ ᠲᠣᠰ ᠬᠥᠮᠦᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ ᠳᠠᠷᠤᠶ ᠠᠰᠠᠭᠤᠨ | ᠯᠠᠪᠯᠠᠵᠤ ᠪᠣᠯᠤᠨ᠎ᠠ᠃ | ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠬᠡᠬᠦ | ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠦᠨ ᠤ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠤᠨ᠎ᠠ᠃ | |