ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠲᠡᠮᠦᠷ ᠵᠠᠮ ᠤᠨ ᠰᠠᠯᠠᠭ᠎ᠠ ᠮᠥᠴᠢᠷ ᠠᠴᠠ | 12306 ᠦᠢᠯᠡᠴᠢᠯᠡᠭᠡᠨ ᠤ ᠲᠥᠪ ᠤᠨ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ᠂ ᠰᠤᠷᠤᠭᠴᠢᠳ ᠤᠨ ᠪᠢᠯᠧᠲ ᠬᠤᠳᠠᠯᠳᠤᠨ ᠠᠪᠬᠤ ᠬᠠᠮᠢᠶ᠎ᠠ ᠪᠥᠬᠦᠶ | ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠪᠡ᠃ ︽ᠰᠤᠷᠤᠭᠴᠢᠳ ᠤᠨ ᠪᠢᠯᠧᠲ ᠵᠠᠬᠢᠶᠠᠯᠠᠬᠤ ᠦᠢᠯᠡᠴᠢᠯᠡᠭᠡ︾ ᠴᠢᠳᠠᠮᠵᠢ ᠂ ︽ᠰᠤᠷᠤᠭᠴᠢᠳ ᠤᠨ ᠭᠠᠳᠠᠭᠰᠢ | ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠴᠢᠳᠠᠮᠵᠢ ᠶᠢ ᠭᠠᠷᠭᠠᠵᠠᠢ᠃ | ︽ᠰᠤᠷᠤᠭᠴᠢᠳ ᠤᠨ ᠪᠢᠯᠧᠲ ᠵᠠᠬᠢᠶᠠᠯᠠᠬᠤ ᠦᠢᠯᠡᠴᠢᠯᠡᠭᠡ︾ ᠶᠢᠨ ᠴᠢᠳᠠᠮᠵᠢ | 8 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ 8 ᠤ ᠡᠳᠦᠷ ᠪᠣᠯᠲᠠᠯ᠎ᠠ ᠡᠳᠦᠷ ᠪᠦᠷᠢ ᠶᠢᠨ 5᠄ 00 ᠴᠠᠭ ᠠᠴᠠ 23᠄ 00 ᠴᠠᠭ ᠪᠣᠯᠲᠠᠯ᠎ᠠ᠂ | ᠲᠡᠮᠦᠷ ᠵᠠᠮ ᠤᠨ ᠰᠠᠯᠠᠭ᠎ᠠ ᠮᠥᠴᠢᠷ ᠠᠴᠠ 12306 ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ ᠪᠠᠨ ᠰᠣᠷᠣᠭᠴᠢ ︵ᠰᠣᠷᠣᠭᠴᠢ ᠶᠢᠨ | ᠬᠠᠷᠠᠭᠠᠯᠵᠠᠯ ᠤᠨ ᠬᠢᠷᠢ ᠬᠡᠮ ᠤᠨ ᠬᠢᠨᠠᠨ ᠰᠢᠯᠭᠠᠯᠲᠠ ᠶᠢᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠶ︶ ᠭᠡᠵᠦ ᠪᠢᠴᠢᠭᠰᠡᠨ ᠬᠦᠮᠦᠰ ᠲᠤ ᠴᠢᠭᠯᠡᠬᠦᠯᠦᠨ | ᠂ ︽ᠮᠢᠨᠦ︾ ᠭᠡᠬᠦ ᠨᠢᠭᠤᠷ ᠤᠨ ᠡᠭᠡᠯᠵᠢᠯᠡᠨ ᠨᠡᠪᠲᠡᠷᠡᠭᠦᠯᠬᠦ ᠲᠣᠭᠤᠷᠢᠭ ᠲᠤ ︽ᠰᠣᠷᠣᠭᠴᠢ ᠶᠢᠨ ᠪᠢᠯᠧᠲ ᠵᠠᠬᠢᠶᠠᠯᠠᠨ ᠬᠤᠳᠠᠯᠳᠤᠨ ᠠᠪᠬᠤ ᠦᠢᠯᠡᠴᠢᠯᠡᠭᠡ︾ ᠶᠢᠨ | ᠣᠷᠣᠬᠤ ᠡᠭᠦᠳᠡ ᠶᠢ ᠨᠡᠮᠡᠵᠦ ᠭᠠᠷᠭᠠᠪᠠ᠂ ᠡᠨᠡ ᠬᠦ ᠣᠷᠣᠬᠤ ᠡᠭᠦᠳᠡ ᠪᠠᠷ 9 ᠰᠠᠷ᠎ᠠ ᠶᠢᠨ 5 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ ᠪᠢᠯᠧᠲ | ᠵᠠᠬᠢᠶᠠᠯᠠᠵᠤ ᠪᠣᠯᠤᠨ᠎ᠠ᠃ ᠤᠷᠢᠳᠴᠢᠯᠠᠨ ᠬᠤᠳᠠᠯᠳᠤᠬᠤ ᠬᠤᠭᠤᠴᠠᠭ᠎ᠠ ︵9 ᠰᠠᠷ᠎ᠠ ᠶᠢᠨ 5 ᠤ ᠡᠳᠦᠷ ᠤᠨ ᠳᠣᠲᠣᠷ᠎ᠠ︶ ᠳᠤ ᠤᠷᠤᠭᠰᠠᠨ ᠲᠡᠷᠭᠡᠨ ᠪᠢᠯᠧᠲ ᠢ ᠬᠡᠪ ᠤᠨ | ᠠᠷᠭ᠎ᠠ ᠪᠠᠷ ᠬᠤᠳᠠᠯᠳᠤᠨ᠎ᠠ᠂ ᠬᠡᠷᠪᠡ ᠲᠡᠷᠭᠡᠨ ᠪᠢᠯᠧᠲ ᠢ ᠬᠤᠳᠠᠯᠳᠤᠭᠠᠳ ᠪᠠᠷᠠᠴᠢᠬᠠᠪᠠᠯ᠂ ᠣᠷᠣᠯᠠᠭᠴᠢ ᠴᠢᠳᠠᠮᠵᠢ ᠶᠢ ᠬᠡᠷᠡᠭᠯᠡᠵᠦ ᠪᠣᠯᠤᠨ᠎ᠠ᠃ | ︽ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠴᠢᠳᠠᠮᠵᠢ | 8 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ 23 ᠤ ᠡᠳᠦᠷ ᠪᠣᠯᠲᠠᠯ᠎ᠠ᠂ 12306 ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠥᠷᠥᠯ ᠬᠡᠯᠪᠡᠷᠢ | ᠪᠠᠨ ᠰᠣᠷᠣᠭᠴᠢ ︵ᠰᠣᠷᠣᠭᠴᠢ ᠶᠢᠨ ᠬᠠᠷᠠᠭᠠᠯᠵᠠᠯ ᠤᠨ ᠬᠢᠷᠢ ᠬᠡᠮ ᠢ ᠬᠢᠨᠠᠨ ᠰᠢᠯᠭᠠᠭᠰᠠᠨ ᠮᠡᠳᠡᠭᠡ ᠵᠠᠩᠭᠢ ᠶᠢ ᠤᠷᠢᠳᠴᠢᠯᠠᠨ ᠲᠠᠭᠯᠠᠬᠤ ᠴᠢᠬᠤᠯᠠᠲᠠᠶ︶ ᠭᠡᠵᠦ | ᠪᠢᠴᠢᠭᠰᠡᠨ ᠬᠦᠮᠦᠰ ᠰᠦᠯᠵᠢᠶ᠎ᠠ ᠳᠤ ᠭᠠᠷᠤᠬᠰᠠᠨ ᠤ ᠳᠠᠷᠠᠭ᠎ᠠ ᠲᠦᠷᠦᠭᠦᠦ ᠨᠢᠭᠤᠷ ᠤᠨ ︽ᠭᠠᠯᠲᠤ ᠲᠡᠷᠭᠡᠨ ᠤ ᠪᠢᠯᠧᠲ︾ ᠤᠨ ᠪᠢᠯᠧᠲ ᠬᠤᠳᠠᠯᠳᠤᠨ ᠠᠪᠬᠤ ᠨᠢᠭᠤᠷ | ᠲᠤ ᠭᠠᠯᠳᠤ ᠲᠡᠷᠭᠡᠨ ᠳᠤ ᠭᠠᠷᠬᠤ ᠦᠷᠳᠡᠭᠡ ᠪᠠ ᠬᠦᠷᠬᠦ ᠥᠷᠲᠡᠭᠡ᠂ ᠭᠠᠯᠳᠤ ᠲᠡᠷᠭᠡᠨ ᠳᠤ ᠰᠠᠭᠤᠬᠤ ᠡᠳᠦᠷ ᠬᠤᠭᠤᠴᠠᠭ᠎ᠠ ᠪᠠᠨ ᠪᠢᠴᠢᠵᠦ ᠤᠷᠤᠭᠤᠯᠤᠭᠠᠳ᠂ ︽ | ᠰᠢᠭᠤᠳ ᠬᠥᠷᠬᠦ︾ ᠪᠠ ︽ᠲᠡᠷᠭᠡ ᠰᠤᠯᠢᠬᠤ︾ ᠨᠢᠭᠤᠷ ᠠᠴᠠ ᠦᠷ᠎ᠡ ᠳ᠋ᠦᠩ ᠢ ᠠᠰᠠᠭᠤᠨ ᠯᠠᠪᠯᠠᠵᠦ ᠪᠤᠯᠤᠨ᠎ᠠ᠂ ᠴᠢᠨᠦ ᠰᠠᠭᠤᠬᠤ ᠬᠡᠰᠡᠨ ᠲᠡᠷᠡ ᠤᠳᠠᠭ᠎ᠠ ᠶᠢᠨ | ᠭᠠᠯᠳᠤ ᠲᠡᠷᠭᠡ ᠪᠠᠶᠢᠬᠤ ᠥᠬᠡᠶ᠂ ᠵᠠᠮ ᠤᠨ ᠲᠤᠮᠳᠠ ᠰᠤᠯᠢᠬᠤ ᠭᠠᠯᠳᠤ ᠲᠡᠷᠭᠡ ᠪᠠᠶᠢᠬᠤ ᠥᠬᠡᠶ ᠶᠤᠮ ᠪᠣᠯ ︽ᠲᠡᠷᠭᠡ ᠰᠤᠯᠢᠬᠤ︾ ᠨᠢᠭᠤᠷ ᠲᠤ ᠤᠷᠤᠪᠠᠯ ︽ | ᠰᠤᠷᠤᠭᠴᠢᠳ ᠤᠨ ᠭᠠᠳᠠᠭᠰᠢ ᠭᠠᠷᠬᠤ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ︾ ᠭᠡᠭᠦ ᠴᠢᠳᠠᠮᠵᠢ ᠢᠯᠡᠷᠡᠨ ᠭᠠᠷᠤᠨ᠎ᠠ᠃ ᠰᠤᠷᠤᠭᠴᠢᠳ ᠥᠪᠡᠷ ᠤᠨ | ᠬᠡᠷᠡᠭᠴᠡᠭᠡ ᠪᠠᠨ ᠲᠠᠭᠯᠠᠨ ᠮᠡᠳᠡᠭᠦᠯᠵᠦ ᠪᠣᠯᠤᠨ᠎ᠠ᠂ ᠪᠠᠰᠠ ᠪᠤᠰᠤᠳ ᠰᠤᠷᠤᠭᠴᠢᠳ ᠢ ᠣᠷᠣᠯᠠᠨ ᠬᠡᠷᠡᠭᠴᠡᠭᠡ ᠶᠢ ᠨᠢ ᠲᠠᠭᠯᠠᠨ ᠮᠡᠳᠡᠭᠦᠯᠵᠦ ᠪᠣᠯᠤᠨ᠎ᠠ᠂ ᠥᠪᠡᠷ ᠤᠨ | ᠲᠤᠰᠢᠶᠠᠭᠰᠠᠨ ᠬᠡᠷᠡᠭᠴᠡᠭᠡ ᠪᠠᠨ ᠠᠰᠠᠭᠤᠨ ᠯᠠᠪᠯᠠᠬᠤ ᠪᠠ ᠬᠠᠰᠤᠵᠤ ᠬᠠᠶᠠᠵᠤ ᠪᠣᠯᠤᠨ᠎ᠠ᠃ | |