5 ᠲᠦᠮᠡᠨ ᠬᠥᠮᠦᠨ ᠤ ᠰᠤᠳᠤᠯᠭᠠᠨ ᠳᠤ ᠰᠠᠭᠤᠷᠢᠯᠠᠨ ᠢᠯᠡᠷᠡᠭᠦᠯᠦᠭᠰᠡᠨ ᠢᠶᠠᠷ᠄ ᠡᠨᠡ  ᠬᠦ  ᠳᠠᠳᠬᠠᠯ  ᠨᠢ  ᠥᠮᠡᠨ  ᠳᠤ  ᠨᠡᠷᠪᠡᠭᠳᠡᠬᠦ  ᠲᠦᠭᠰᠢᠭᠦᠷᠢ  ᠶᠢ ᠪᠦᠲᠦᠮᠵᠢᠲᠡᠶ ᠪᠠᠭᠠᠰᠬᠠᠵᠤ ᠴᠢᠳᠠᠨ᠎ᠠ︕
ᠨᠡᠶᠢᠲᠡᠯᠡᠭᠰᠡᠨ ᠴᠠᠭ᠄
2024/9/3
       2022 ᠣᠨ ᠤ ︽ᠣᠯᠠᠨ ᠤᠯᠤᠰ ᠤᠨ ᠦᠢᠯᠡ ᠠᠵᠢᠯᠯᠠᠭᠠᠨ ᠤ ᠰᠢᠮ᠎ᠡ ᠲᠡᠵᠢᠭᠡᠯ ᠬᠢᠭᠡᠳ ᠪᠡᠶ᠎ᠡ ᠶᠢᠨ ᠲᠠᠮᠢᠷ ᠤᠨ ᠬᠥᠳᠡᠯᠭᠡᠭᠡᠨ︾ ᠰᠡᠳᠬᠦᠯ ᠳᠤ ᠨᠡᠶᠢᠲᠡᠯᠡᠭᠰᠡᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠪᠡᠶ᠎ᠡ ᠶᠢᠨ ᠬᠥᠳᠡᠯᠭᠡᠭᠡᠨ ᠢᠯᠡᠬᠦᠦ ᠬᠢᠬᠦ ᠨᠢ ᠥᠮᠡᠨ᠂ ᠠᠭᠤᠰᠬᠢᠨ ᠥᠮᠡᠨ᠂ ᠬᠤᠲᠣᠷᠢᠩᠬᠠᠶ ᠭᠡᠳᠡᠰᠦ ᠰᠢᠯᠤᠭᠤᠨ ᠭᠡᠳᠡᠰᠦᠨ ᠤ ᠥᠮᠡᠨ ᠤ ᠲᠦᠭᠰᠢᠭᠦᠷᠢ ᠶᠢ ᠪᠠᠭᠤᠷᠠᠭᠤᠯᠬᠤ ᠲᠠᠢ ᠬᠤᠯᠪᠣᠭ᠎ᠠ ᠲᠠᠢ ᠪᠠᠶᠢᠳᠠᠭ᠃       ᠡᠨᠡ ᠬᠦ ᠰᠤᠳᠤᠯᠭᠠᠨ ᠳᠤ᠂ 30 ᠠᠴᠠ 79 ᠨᠠᠰᠤᠨ ᠤ ᠮᠠᠨ ᠤ ᠤᠯᠤᠰ ᠤᠨ 5 ᠲᠦᠮᠡ ᠭᠠᠷᠤᠶ ᠣᠷᠣᠯᠴᠠᠭᠴᠢ ᠶᠢ ᠣᠷᠣᠭᠤᠯᠵᠤ᠂ ᠣᠯᠠᠨ ᠤ ᠪᠡᠶ᠎ᠡ ᠶᠢᠨ ᠬᠥᠳᠡᠯᠭᠡᠭᠡᠨ ᠤ ᠪᠠᠶᠢᠳᠠᠯ ᠤᠨ ᠪᠦᠷᠢᠳᠬᠡᠯ ᠬᠢᠭᠰᠡᠨ ᠢᠶᠠᠷ ᠪᠠᠷᠠᠬᠤ ᠥᠬᠡᠶ᠂ ᠪᠠᠰᠠ ᠢᠳᠡᠭᠡᠨ ᠤᠮᠳᠠᠭᠠᠨ᠂ ᠠᠷᠢᠬᠢ ᠤᠤᠭᠤᠬᠤ᠂ ᠲᠠᠮᠠᠬᠢ ᠲᠠᠲᠠᠬᠤ᠂ ᠪᠡᠶ᠎ᠡ ᠶᠢᠨ ᠬᠦᠨᠳᠦ ᠵᠡᠷᠭᠡ ᠠᠮᠢᠳᠤᠷᠠᠯ ᠤᠨ ᠠᠷᠭ᠎ᠠ ᠮᠠᠶ᠋ᠢᠭ ᠪᠠ ᠲᠥᠷᠥᠯ ᠤᠭᠰᠠᠭ᠎ᠠ ᠶᠢᠨ ᠥᠮᠡᠨ ᠡᠪᠡᠳᠴᠢᠨ ᠤ ᠮᠡᠳᠡᠭᠡ ᠵᠠᠩᠭᠢ ᠶᠢᠨ ᠲᠤᠬᠠᠢ ᠪᠦᠷᠢᠳᠬᠡᠯ ᠬᠢᠵᠡᠶ᠃       ᠪᠦᠷᠢᠳᠬᠡᠯ ᠬᠢᠭᠰᠡᠨ ᠳ᠋ᠦᠩ ᠠᠴᠠ ᠦᠵᠡᠪᠡᠯ᠂ 25.1% ᠬᠦᠮᠦᠰ ᠨᠢ ᠲᠥᠷᠥᠯ ᠤᠭᠰᠠᠭ᠎ᠠ ᠶᠢᠨ ᠥᠮᠡᠨ ᠡᠪᠡᠳᠴᠢᠨ ᠤ ᠲᠡᠦᠬᠡ ᠲᠠᠢ᠃ ᠪᠤᠰᠤᠳ ᠬᠦᠴᠦᠨ ᠵᠦᠢᠯ ᠤᠨ ᠨᠥᠯᠥᠭᠡ ᠶᠢ ᠭᠠᠷᠭᠠᠪᠠᠯ᠂ ᠪᠡᠶ᠎ᠡ ᠶᠢᠨ ᠬᠥᠳᠡᠯᠭᠡᠭᠡᠨ ᠢᠯᠡᠭᠦᠦ ᠬᠢᠬᠦ ᠨᠢ ᠣᠷᠣᠯᠴᠠᠭᠰᠠᠳ ᠤᠨ ᠥᠮᠡᠨ ᠡᠪᠡᠳᠴᠢᠨ ᠤ ᠲᠦᠭᠰᠢᠭᠦᠷᠢ ᠶᠢ ᠪᠠᠭᠤᠷᠠᠭᠤᠯᠬᠤ ᠲᠠᠢ ᠬᠤᠯᠪᠣᠭ᠎ᠠ ᠲᠠᠢ ᠪᠠᠶᠢᠬᠤ ᠶᠢ ᠰᠤᠳᠤᠯᠤᠭᠴᠢᠳ ᠣᠯᠵᠤ ᠮᠡᠳᠡᠵᠡᠢ᠃       ᠬᠦᠳᠡᠯᠭᠡᠭᠡᠨ ᠬᠢᠬᠦ ᠨᠢ ᠥᠮᠡᠨ ᠡᠪᠡᠳᠴᠢᠨ ᠢ ᠰᠡᠷᠭᠡᠶᠢᠯᠡᠬᠦ ᠳᠤ ᠴᠢᠬᠤᠯᠠ ᠦᠢᠯᠡᠳᠦᠯ ᠲᠠᠢ ᠭᠡᠳᠡᠭ ᠢ ᠡᠭᠦᠨ ᠠᠴᠠ ᠮᠡᠳᠡᠵᠦ ᠪᠣᠯᠤᠨ᠎ᠠ᠃ ᠬᠥᠳᠡᠯᠭᠡᠭᠡᠨ ᠬᠢᠬᠦ ᠳᠠᠳᠬᠠᠯ ᠠᠴᠠ ᠭᠠᠳᠠᠨ᠎ᠠ᠂ ᠥᠮᠡᠨ ᠤ ᠡᠰ ᠨᠢ ᠪᠠᠰᠠ ᠡᠳᠡᠭᠡᠷ ᠳᠠᠳᠬᠠᠯ ᠠᠴᠠ ᠠᠶᠤᠳᠠᠭ᠃       1. ᠥᠮᠡᠨ ᠤ ᠡᠰ ᠨᠢ ᠰᠠᠶᠢᠨ ᠤᠨᠲᠠᠬᠤ ᠠᠴᠠ ᠠᠶᠤᠳᠠᠭ       2. ᠥᠮᠡᠨ ᠤ ᠡᠰ ᠨᠢ ᠡᠷᠲᠡ ᠲᠠᠮᠠᠬᠢ ᠵᠣᠭᠰᠣᠬᠤ ᠠᠴᠠ ᠠᠶᠤᠳᠠᠭ       3. ᠥᠮᠡᠨ ᠤ ᠡᠰ ᠨᠢ ᠰᠡᠳᠬᠢᠯ ᠤᠨ ᠪᠠᠶᠢᠳᠠᠯ ᠰᠠᠶᠢᠨ ᠪᠠᠶᠢᠬᠤ ᠠᠴᠠ ᠠᠶᠤᠳᠠᠭ       4. ᠥᠮᠡᠨ ᠤ ᠡᠰ ᠨᠢ ᠮᠢᠬ᠎ᠠ ᠲᠣᠰᠣ ᠦᠬᠡᠢ ᠬᠤᠭᠤᠯᠠ ᠢᠳᠡᠬᠦ ᠠᠴᠠ ᠠᠶᠤᠳᠠᠭ       5. ᠥᠮᠡᠨ ᠤ ᠡᠰ ᠨᠢ ᠨᠠᠢᠮᠠᠨ ᠬᠤᠪᠢ ᠴᠠᠳᠬᠤ ᠠᠴᠠ ᠠᠶᠤᠳᠠᠭ       6. ᠥᠮᠡᠨ ᠤ ᠡᠰ ᠨᠢ ᠪᠡᠶ᠎ᠡ ᠶᠢᠨ ᠪᠠᠶᠢᠴᠠᠭᠠᠯᠲᠠ ᠬᠢᠬᠦ ᠠᠴᠠ ᠠᠶᠤᠳᠠᠭ
ᠢᠷᠡᠯᠲᠡ᠄ ᠠᠷᠠᠳ ᠤᠨ ᠮᠣᠩᠭᠤᠯ ᠰᠦᠯᠵᠢᠶ᠎ᠡ