ᠣᠶᠢᠷ᠎ᠠ ᠶᠢᠨ ᠡᠳᠦᠷ᠂ ᠣᠷᠳᠣᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠤᠨ ᠫᠠᠶᠢᠰᠠ ᠰᠡᠬᠦᠬᠦ ᠶᠣᠰᠣᠯᠠᠯ ᠵᠡᠭᠦᠨᠭᠠᠷ | ᠬᠤᠰᠢᠭᠤᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠵᠤ᠂ ᠣᠷᠳᠣᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠤᠨ ᠰᠤᠳᠤᠯᠭᠠᠨ ᠤ ᠲᠥᠪ ᠵᠢᠩᠬᠢᠨᠢ ᠪᠠᠷ ᠪᠠᠶᠢᠭᠤᠯᠤᠭᠳᠠᠵᠠᠢ᠃ | ᠶᠣᠰᠣᠯᠠᠯ ᠳᠡᠭᠡᠷ᠎ᠡ ᠱᠠᠨᠳᠦ᠋ᠩ ᠮᠤᠵᠢ ᠶᠢᠨ ᠲᠠᠢ ᠱᠠᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ | ᠪᠣᠯᠣᠨ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠬᠠᠮᠲᠤ ᠪᠠᠷ ︽ᠣᠷᠳᠣᠰ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ︾ ᠤᠨ ᠫᠠᠶᠢᠰᠠ ᠶᠢ ᠰᠡᠬᠦᠵᠡᠢ᠃ ᠡᠭᠦᠨ ᠤ ᠬᠠᠮᠲᠤ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠪᠡᠭᠡᠵᠢᠩ ᠤᠨ ᠲᠦᠩ ᠰᠢᠨ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠨᠢ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ | ᠤᠨ ᠲᠠᠯ᠎ᠠ ᠪᠠᠷ ᠬᠠᠮᠲᠤᠷᠠᠨ ᠠᠵᠢᠯᠯᠠᠬᠤ ᠭᠡᠷ᠎ᠡ ᠲᠣᠭᠲᠠᠵᠠᠢ᠃ | ᠣᠷᠳᠣᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠤᠨ ᠪᠠᠶᠢᠭᠤᠯᠤᠭᠳᠠᠭᠰᠠᠨ ᠨᠢ ᠣᠷᠳᠣᠰ ᠬᠤᠲᠠ ᠶᠢᠨ ᠳᠤᠮᠳᠠ ᠵᠡᠷᠭᠡ | ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠪᠢᠯᠬᠠᠮ᠎ᠠ ᠰᠢᠨ᠎ᠡ ᠶᠢ ᠡᠭᠦᠳᠬᠦ ᠰᠢᠨ᠎ᠡ ᠱᠠᠲᠤᠨ | ᠳᠤ ᠣᠷᠣᠭᠰᠠᠨ ᠢ ᠬᠠᠷᠠᠭᠤᠯᠵᠤ᠂︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤ ᠶᠢᠨ ᠴᠣᠭᠴᠠ︾ ᠶᠢ ᠤᠯᠠᠮ ᠨᠢᠭᠡ | ᠠᠯᠬᠤᠮ ᠪᠦᠷᠢᠯᠳᠦᠭᠦᠯᠦᠨ᠂ ᠪᠦᠭᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠡᠳ᠋ᠯᠡᠵᠦ | ᠬᠠᠮᠲᠤ ᠪᠠᠷ ᠪᠠᠶᠢᠭᠤᠯᠬᠤ ᠶᠢ ᠠᠬᠢᠭᠤᠯᠤᠨ᠂ ᠪᠦᠭᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ | ᠶᠢᠨ ᠵᠠᠩᠭᠢᠯᠠᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠷᠳᠣᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |