ᠮᠠᠨ ᠤ ᠣᠷᠣᠨ ᠤ 155 ᠣᠶᠤᠲᠠᠨ ᠨᠡᠶᠢᠳᠡ 77.5 ᠲᠦᠮᠡᠨ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ  ᠶᠢ ᠭᠠᠷᠳᠠᠪᠠ
ᠨᠡᠶᠢᠲᠡᠯᠡᠭᠰᠡᠨ ᠴᠠᠭ᠄
2025/1/14
       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠭᠦᠢᠵᠧᠦ ᠮᠤᠵᠢ ᠶᠢᠨ ᠮᠣᠣ ᠲᠠᠢ ᠪᠦᠯᠦᠭᠯᠡᠯ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ︽2024 ᠬᠦᠰᠡᠯ ᠢᠨᠵᠧᠨᠧᠷᠢᠩ ᠤᠨ ᠥᠪᠥᠷ ᠮᠣᠩᠭᠤᠯ ᠳᠤ ᠬᠠᠨᠳᠢᠪᠯᠡᠬᠤ ᠠᠵᠢᠯᠯᠠᠭ᠎ᠠ︾ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃       2024 ᠣᠨ ᠳᠤ᠂ ᠥᠪᠥᠷ ᠮᠣᠩᠭᠤᠯ ᠤᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ︽2024 ᠬᠦᠰᠡᠯ ᠢᠨᠵᠧᠨᠧᠷᠢᠩ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ ᠪᠡᠯᠡ ᠮᠥᠩᠭᠦ ᠶᠢ 77. 5 ᠲᠦᠮᠡᠨ ᠲᠥᠭᠦᠷᠢᠭ ᠣᠯᠵᠤ᠂ ᠰᠤᠷᠤᠬᠴᠢ ᠨᠢᠭᠡᠪᠦᠷᠢ 5000 ᠲᠥᠭᠦᠷᠢᠭ ᠤᠨ ᠪᠠᠷᠢᠮᠵᠢᠶ᠎ᠠ ᠪᠠᠷ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 155 ᠣᠶᠤᠲᠠᠨ ᠢ ᠲᠤᠰᠠᠯᠠᠪᠠ᠃       ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠲᠤᠰᠠᠯᠠᠮᠵᠢ ᠭᠥᠷᠳᠡᠭᠰᠡᠨ ᠰᠤᠷᠤᠬᠴᠢ ᠶᠢᠨ ᠲᠥᠯᠥᠭᠡᠯᠡᠭᠴᠢ᠄ ︽ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠨᠢ ᠮᠢᠨᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ  ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ᠂  ᠨᠠᠳᠠ ᠳᠤ ᠨᠠᠩ ᠥᠨᠳᠥᠷ ᠡᠷᠳᠡᠮ ᠰᠢᠨᠵᠢᠯᠡᠭᠡᠨ ᠤ ᠬᠠᠷᠠᠯᠲᠠ ᠶᠢ  ᠣᠯᠭᠤᠵᠠᠢ᠃ ᠪᠢ ᠶᠡᠭᠡ ᠵᠣᠷᠢᠭ ᠢ ᠡᠪᠦᠷᠯᠡᠨ᠂ ᠮᠣᠷᠠᠯ ᠲᠠᠢ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠬᠥᠮᠥᠨ ᠪᠣᠯᠵᠤ᠂ ᠰᠢᠯᠢᠳᠡᠭ ᠬᠢᠷᠢ ᠪᠦᠲᠦᠮᠵᠢ ᠪᠠᠷ  ᠢᠶᠠᠨ ᠨᠡᠶᠢᠭᠡᠮ ᠤᠨ ᠠᠴᠢ ᠶᠢ ᠬᠠᠷᠢᠭᠤᠯᠤᠨ᠂ ᠨᠤᠲᠤᠭ ᠤᠰᠤ ᠪᠠᠨ ᠪᠦᠲᠦᠭᠡᠨ ᠪᠠᠶᠢᠭᠤᠯᠵᠤ᠂  ᠬᠠᠶᠢᠷ᠎ᠠ ᠬᠠᠨᠳᠢᠪ ᠤᠨ ᠢᠳᠡᠪᠬᠢ ᠬᠦᠴᠦᠨ ᠢ ᠳᠠᠮᠵᠢᠭᠤᠯᠤᠨ᠎ᠠ︾ ᠭᠡᠪᠡ᠃       ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ 2005 ᠣᠨ ᠠᠴᠠ ᠬᠦᠰᠡᠯ ᠢᠨᠵᠧᠨᠧᠷᠢᠩ ᠤᠨ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢ ᠡᠬᠢᠯᠡᠨ ᠬᠡᠷᠡᠭᠵᠢᠭᠦᠯᠵᠦ᠂ ᠬᠤᠷᠢᠭᠠᠳ ᠵᠢᠯ ᠤᠨ ᠲᠤᠷᠰᠢ ᠨᠡᠶᠢᠲᠡ 8400 ᠭᠠᠷᠤᠢ ᠲᠦᠮᠡᠨ ᠲᠥᠭᠦᠷᠢᠭ ᠤᠨ ᠨᠢᠭᠦᠯᠡᠰᠦᠩᠭᠦᠢ ᠶᠢᠨ  ᠵᠣᠭᠤᠰ ᠢ  ᠴᠤᠭᠯᠠᠭᠤᠯᠵᠤ᠂ 2.3 ᠲᠦᠮᠡᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠬᠴᠢᠳ ᠢ ᠲᠤᠰᠠᠯᠠᠪᠠ᠃ ᠲᠣᠰ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠲᠥᠷᠥᠯ ᠵᠦᠢᠯ ᠨᠢ ᠥᠪᠥᠷ ᠮᠣᠩᠭᠤᠯ ᠣᠷᠣᠨ ᠤ ︽ᠰᠤᠷᠤᠯᠭ᠎ᠠ ᠶᠢ ᠲᠡᠳᠬᠦᠵᠦ ᠬᠥᠮᠥᠨ ᠢ ᠬᠥᠮᠥᠵᠢᠭᠦᠯᠬᠦ︾ ᠨᠠᠷᠠᠲᠤ ᠲᠦᠷᠦᠯ ᠲᠡᠮᠳᠡᠭ ᠪᠠ ︽ᠨᠠᠮ ᠤᠨ ᠲᠥᠯᠥᠭᠡ ᠬᠥᠮᠥᠨ ᠬᠥᠮᠥᠵᠢᠭᠦᠯᠬᠦ︾ ᠪᠠᠲᠤ ᠪᠠᠬᠢ ᠠᠴᠢᠶᠠᠯᠠᠪᠤᠷᠢ ᠪᠣᠯᠤᠭᠰᠠᠨ ᠪᠠᠶᠢᠨ᠎ᠠ᠃       2012 ᠣᠨ ᠠᠴᠠ ᠡᠬᠢᠯᠡᠨ᠂ ᠭᠦᠢᠵᠧᠦ ᠮᠤᠵᠢ ᠶᠢᠨ ᠮᠣᠣ ᠲᠠᠢ ᠪᠦᠯᠦᠭᠯᠡᠯ ᠤᠨ ᠬᠢᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠲᠠᠢ ᠬᠠᠮᠲᠤᠷᠠᠨ ︽ᠳᠤᠮᠳᠠᠳᠤ ᠤᠯᠤᠰ ᠤᠨ ᠮᠣᠣ ᠲᠠᠢ ᠠᠷᠢᠬᠢ·ᠤᠯᠤᠰ ᠤᠨ ᠲᠤᠯᠭᠠᠭᠤᠷᠢ ᠬᠦᠴᠦᠨ︾ ᠭᠡᠬᠦ ᠲᠣᠮᠣ ᠭᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠠᠵᠢᠯᠯᠠᠭ᠎ᠠ ᠶᠢ ᠥᠷᠨᠢᠭᠦᠯᠵᠦ᠂ 13 ᠵᠢᠯ ᠤᠨ ᠲᠤᠷᠰᠢ ᠮᠠᠨ ᠤ ᠣᠷᠣᠨ ᠳᠤ ᠨᠡᠶᠢᠲᠡ 2427.5 ᠲᠦᠮᠡᠨ ᠲᠥᠭᠦᠷᠢᠭ ᠬᠠᠨᠳᠢᠪᠯᠡᠵᠤ᠂ ᠮᠣᠷᠠᠯ ᠰᠤᠷᠤᠯᠭ᠎ᠠ ᠬᠤᠣᠰᠯᠠᠭᠰᠠᠨ ᠠᠮᠢᠳᠤᠷᠠᠯ ᠬᠦᠴᠢᠷᠳᠡᠯ ᠲᠠᠢ 4855 ᠣᠶᠤᠲᠠᠨ ᠢ ᠲᠤᠰᠠᠯᠠᠵᠤ᠂ ᠬᠠᠨᠳᠢᠪᠯᠡᠭ᠌ᠰᠠᠨ ᠵᠣᠭᠤᠰ ᠨᠢ ᠬᠠᠮᠤᠭ ᠤᠨ ᠠᠷᠪᠢᠨ᠂ ᠲᠤᠰᠠᠯᠠᠮᠵᠢ ᠭᠥᠷᠳᠡᠭᠰᠡᠨ ᠬᠥᠮᠥᠨ ᠤ ᠲᠤᠭ᠎ᠠ ᠨᠢ ᠬᠠᠮᠤᠭ ᠤᠨ ᠣᠯᠠᠨ᠂ ᠬᠠᠮᠤᠷᠬᠤ ᠬᠡᠪᠴᠢᠶ᠎ᠡ ᠨᠢ ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ ᠭᠦᠨᠵᠡᠭᠡᠢ ᠰᠤᠷᠤᠯᠭ᠎ᠠ  ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ  ᠨᠠᠷᠠᠲᠤ ᠲᠦᠷᠦᠯ ᠲᠡᠮᠳᠡᠭ ᠪᠣᠯᠵᠠᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ