ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | ᠥᠪᠥᠷ ᠵᠠᠰᠠᠭ ᠠᠯᠪᠠᠨ ᠦᠰᠦᠭ ︹2024︺ 66 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷᠠᠳᠤ ᠱᠠᠲᠤ ᠤᠷᠤᠭᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ | ᠠᠷᠭ᠎ᠠ︾ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠦᠨ᠂ ︽ᠬᠡᠨ ᠭᠤᠣᠯᠴᠢᠯᠠᠨ ᠬᠠᠮᠢᠶᠠᠷᠪᠠᠯ᠂ ᠲᠡᠷᠡ ᠬᠤᠪᠢᠶᠠᠷᠢᠯᠠᠬᠤ ᠪᠠ ᠬᠠᠷᠢᠭᠤᠴᠠᠬᠤ︾ ᠵᠠᠷᠴᠢᠮ ᠢᠶᠠᠷ᠂ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠢ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷᠠᠳᠤ ᠱᠠᠲᠤ ᠤᠷᠤᠭᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ | ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹2016︺ 134 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠮᠡᠳᠡᠭᠳᠡᠪᠡ᠃ | ᠨᠢᠭᠡ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠣᠰ ᠰᠠᠯᠠᠭ᠎ᠠ ᠮᠥᠴᠢᠷ ᠤᠨ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠬᠠᠮᠢᠶᠠᠷᠤᠯᠲᠠ ᠶᠢᠨ ᠭᠤᠣᠯ ᠴᠣᠭᠴᠠ ᠪᠠᠶᠢᠵᠤ᠂ ᠲᠤᠰᠬᠠᠢ ᠵᠦᠢᠯ ᠢᠶᠠᠷ ᠰᠢᠯᠵᠢᠭᠦᠯᠦᠨ ᠥᠭᠭᠦᠭᠰᠡᠨ ᠪᠡᠯᠡ ᠮᠥᠩᠭᠦ ᠶᠢᠨ ᠭᠦᠢᠴᠡᠳᠭᠡᠯᠲᠡ ᠪᠠ | ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢ ᠳᠣᠷᠣᠭᠰᠢ ᠪᠠᠭᠤᠯᠭᠠᠬᠤ ᠪᠠ | ᠰᠠᠯᠭᠠᠨ ᠥᠭᠬᠦ ᠠᠵᠢᠯ ᠢ ᠬᠠᠷᠢᠭᠤᠴᠠᠨ᠎ᠠ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠳᠥᠷᠪᠡᠳᠦᠭᠡᠷ ᠵᠦᠢᠯ ᠤᠨ ᠬᠠᠮᠢᠶ᠎ᠠ ᠪᠦᠬᠦᠢ ᠠᠭᠤᠯᠭ᠎ᠠ ᠳᠤ | ᠳᠣᠣᠷᠠᠬᠢ ᠮᠡᠲᠦ ᠵᠠᠰᠠᠪᠤᠷᠢ ᠣᠷᠣᠭᠤᠯᠪᠠ᠄ | ︵ᠨᠢᠭᠡ︶ ᠬᠤᠶᠠᠳᠤᠭᠠᠷ ᠵᠤᠷᠪᠤᠰ ᠤᠨ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ | ᠶᠡᠷᠦᠩᠬᠡᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠵᠤ | ᠲᠣᠭᠲᠠᠭᠠᠨ᠎ᠠ︔ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠶᠢ ᠲᠣᠭᠲᠠᠭᠠᠬᠤ᠂ ᠲᠣᠬᠢᠷᠠᠭᠤᠯᠬᠤ ᠵᠦᠢᠯᠡᠰ ᠢ ᠬᠢᠨᠠᠨ ᠬᠠᠷᠭᠤᠭᠤᠯᠤᠨ᠎ᠠ︔ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠲᠥᠰᠥᠪ ᠢ ᠨᠠᠶᠢᠷᠠᠭᠤᠯᠤᠨ ᠵᠣᠬᠢᠶᠠᠬᠤ ᠪᠠ ᠭᠦᠢᠴᠡᠳᠬᠡᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠤᠰᠬᠠᠶ ᠵᠦᠢᠯ ᠢᠶᠠᠷ ᠰᠢᠯᠵᠢᠭᠦᠯᠦᠨ | ᠥᠭᠭᠦᠭᠰᠡᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃︾ | ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠶᠢᠨ | ᠳᠦᠷᠢᠮ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠬᠤ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠵᠤ ᠲᠣᠭᠲᠠᠭᠠᠨ᠎ᠠ︔ ᠲᠤᠰᠬᠠᠢ | ᠵᠦᠢᠯ ᠢᠶᠠᠷ ᠰᠢᠯᠵᠢᠭᠦᠯᠦᠨ ᠥᠭᠬᠦ ᠶᠢ ᠲᠣᠭᠲᠠᠭᠠᠬᠤ᠂ ᠲᠣᠬᠢᠷᠠᠭᠤᠯᠬᠤ ᠵᠦᠢᠯᠡᠰ ᠢ ᠬᠢᠨᠠᠨ ᠬᠠᠷᠭᠤᠭᠤᠯᠤᠨ᠎ᠠ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ | ᠲᠥᠰᠥᠪ ᠢ ᠬᠤᠷᠢᠶᠠᠩᠭᠤᠶᠢᠯᠠᠵᠤ ᠨᠠᠶᠢᠷᠠᠭᠤᠯᠤᠨ ᠵᠣᠬᠢᠶᠠᠬᠤ᠂ ᠪᠡᠯᠡ ᠮᠥᠩᠭᠦ ᠶᠢ ᠳᠣᠷᠣᠭᠰᠢ ᠪᠠᠭᠤᠯᠭᠠᠬᠤ ᠪᠠ ᠰᠠᠯᠭᠠᠨ ᠥᠭᠬᠦ ᠠᠵᠢᠯ ᠢ ᠭᠦᠢᠴᠡᠳᠬᠡᠬᠦ᠂ ᠲᠤᠰᠬᠠᠢ | ᠵᠦᠢᠯ ᠢᠶᠠᠷ ᠰᠢᠯᠵᠢᠭᠦᠯᠦᠨ ᠥᠭᠭᠦᠭᠰᠡᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃︾ ᠭᠡᠵᠦ ᠵᠠᠰᠠᠪᠤᠷᠢ ᠣᠷᠣᠭᠤᠯᠪᠠ᠃ | ︵ᠬᠤᠶᠠᠷ︶ ᠭᠤᠷᠪᠠᠳᠤᠭᠠᠷ ᠵᠤᠷᠪᠤᠰ ᠤᠨ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠵᠢᠯᠴᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ | ᠪᠣᠳᠠᠲᠠᠢ ᠬᠠᠮᠢᠶᠠᠷᠤᠨ᠎ᠠ᠃︾ ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠬᠠᠮᠢᠶᠠᠷᠤᠯᠲᠠ ᠶᠢᠨ ᠭᠤᠣᠯ ᠴᠣᠭᠴᠠ ᠪᠠᠶᠢᠵᠤ᠂ ᠲᠣᠰ ᠰᠠᠯᠠᠭ᠎ᠠ ᠮᠥᠴᠢᠷ ᠤᠨ ᠢᠶᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠲᠥᠰᠥᠪ ᠢ | ᠨᠠᠶᠢᠷᠠᠭᠤᠯᠤᠨ ᠵᠣᠬᠢᠶᠠᠬᠤ ᠪᠠ ᠭᠦᠢᠴᠡᠳᠬᠡᠬᠦ ᠶᠢ ᠪᠥᠬᠦ ᠲᠠᠯ᠎ᠠ ᠪᠠᠷ ᠬᠠᠷᠢᠭᠤᠴᠠᠨ᠎ᠠ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ ᠬᠡᠷᠡᠭᠯᠡᠯᠲᠡ | ᠵᠢᠴᠢ ᠲᠥᠷᠥᠯ ᠵᠦᠢᠯ ᠤᠨ ᠬᠡᠷᠡᠭᠵᠢᠭᠦᠯᠦᠯᠲᠡ ᠳᠤ ᠵᠢᠭᠠᠨ ᠵᠢᠯᠤᠭᠤᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠲᠠᠢ ᠬᠤᠯᠪᠤᠭᠠᠯᠠᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ᠎ᠠ︔ ᠪᠡᠯᠡ ᠮᠥᠩᠭᠦᠨ ᠤ ᠲᠥᠰᠥᠪ ᠢ ᠭᠤᠶᠤᠴᠢᠯᠠᠨ ᠮᠡᠳᠡᠭᠦᠯᠬᠦ᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠵᠦᠭᠯᠡᠭᠦᠷ ᠢ ᠨᠡᠶᠢᠲᠡᠯᠡᠬᠦ᠂ ᠲᠥᠷᠥᠯ | ᠵᠦᠢᠯ ᠢ ᠬᠢᠨᠠᠨ ᠬᠠᠷᠭᠤᠭᠤᠯᠬᠤ᠂ ᠪᠡᠯᠡ ᠮᠥᠩᠭᠦ ᠬᠤᠪᠢᠶᠠᠷᠢᠯᠠᠬᠤ ᠲᠥᠰᠥᠯ ᠢ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ | ᠮᠥᠩᠭᠦ ᠶᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ ᠢ ᠬᠠᠷᠢᠭᠤᠴᠠᠨ᠂ ᠡᠳ᠋ ᠤᠨ ᠵᠠᠰᠠᠭ ᠤᠨ ᠰᠠᠯᠠᠭ᠎ᠠ ᠮᠥᠴᠢᠷ | ᠣᠷᠣᠯᠴᠠᠬᠤ ᠪᠠᠨ ᠪᠣᠯᠢᠨ᠎ᠠ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︽ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ ᠢ ᠲᠣᠭᠲᠠᠭᠠᠯ ᠶᠣᠰᠣᠭᠠᠷ ᠵᠣᠬᠢᠶᠠᠨ | ᠪᠠᠶᠢᠭᠤᠯᠤᠨ᠎ᠠ᠃︾ ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ | ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ᠎ᠠ︾ ᠭᠡᠵᠦ | ᠵᠠᠰᠠᠪᠤᠷᠢ ᠣᠷᠣᠭᠤᠯᠪᠠ᠃ | ᠭᠤᠷᠪᠠ᠂ ᠠᠶᠢᠮᠠᠭ ᠬᠤᠲᠠ ᠶᠢᠨ ᠬᠢᠨ ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢ ᠵᠥᠪᠬᠡᠨ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠳᠠᠭᠢᠵᠤ ᠮᠡᠳᠡᠭᠦᠯᠵᠦ ᠬᠦᠷᠭᠡᠬᠦ ᠦᠭᠡᠢ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠷᠢᠨ ᠨᠢᠭᠡᠳᠦᠭᠡᠷ ᠵᠦᠢᠯ ᠤᠨ ︽ | ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠨᠤᠲᠤᠭ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠠᠳ ᠳᠡᠭᠡᠭᠰᠢ ᠮᠡᠳᠡᠭᠦᠯᠬᠦ ᠬᠡᠷᠡᠭᠲᠡᠢ ᠪᠠᠶᠢᠪᠠᠯ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ | ᠳᠡᠭᠡᠭᠰᠢ ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠤᠯᠪᠤᠭᠠᠯᠠᠨ ᠲᠣᠭᠲᠠᠭᠰᠠᠨ ᠴᠠᠭ ᠬᠢᠵᠠᠭᠠᠷ ᠲᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃︾ ᠭᠡᠳᠡᠭ ᠲᠤ ︽ | ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠨᠤᠲᠤᠭ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠠᠳ ᠳᠡᠭᠡᠭᠰᠢ ᠮᠡᠳᠡᠭᠦᠯᠬᠦ ᠬᠡᠷᠡᠭᠲᠡᠢ ᠪᠠᠶᠢᠪᠠᠯ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ | ᠳᠡᠭᠡᠭᠰᠢ ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠠᠢ ᠬᠤᠯᠪᠤᠭᠠᠯᠠᠨ ᠲᠣᠭᠲᠠᠭᠰᠠᠨ ᠴᠠᠭ ᠬᠢᠵᠠᠭᠠᠷ ᠲᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠳᠥᠷᠪᠡ᠂ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠬᠢᠨ ᠤ ᠳᠡᠭᠡᠭᠰᠢ ᠮᠡᠳᠡᠭᠦᠯᠦᠭᠰᠡᠨ | ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠪᠡᠯᠡ ᠮᠥᠩᠭᠦ ᠬᠤᠪᠢᠶᠠᠷᠢᠯᠠᠬᠤ ᠶᠢ ᠬᠠᠷᠢᠭᠤᠴᠠᠵᠤ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠳᠠᠬᠢᠵᠤ ᠣᠷᠣᠯᠴᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠷᠢᠨ ᠲᠠᠪᠤᠳᠤᠭᠠᠷ ᠵᠦᠢᠯ ᠤᠨ ︽ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ | ᠲᠥᠷᠥᠯ ᠵᠦᠢᠯ ᠤᠨ ᠬᠢᠨᠠᠨ ᠬᠠᠷᠭᠤᠭᠤᠯᠬᠤ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠥᠯ ᠢ ᠲᠡᠰ ᠳᠠᠷᠠᠭᠠᠯᠠᠯ ᠶᠣᠰᠣᠭᠠᠷ | ᠳᠤᠷᠠᠳᠬᠤ ᠬᠡᠷᠡᠭᠲᠡᠢ᠃︾ ᠭᠡᠳᠡᠭ ᠲᠤ ︽ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥᠯ ᠵᠦᠢᠯ ᠢ ᠬᠢᠨᠠᠨ | ᠬᠠᠷᠭᠤᠭᠤᠯᠬᠤ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠥᠯ ᠢ ᠲᠠᠰ ᠳᠠᠷᠠᠭᠠᠯᠠᠯ ᠶᠣᠰᠣᠭᠠᠷ ᠳᠤᠷᠠᠳᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ ᠮᠥᠩᠭᠦ ᠬᠡᠷᠡᠭᠯᠡᠬᠦ ᠬᠡᠪᠴᠢᠶ᠎ᠡ᠂ ᠳᠡᠮᠵᠢᠬᠦ ᠴᠢᠭᠯᠡᠯ ᠳᠤ ᠲᠣᠭᠲᠠᠭᠠᠯ ᠳᠤ ᠨᠡᠶᠢᠴᠡᠬᠦ | ᠴᠢᠨᠠᠷ ᠤᠨ ᠬᠢᠨᠠᠨ ᠪᠠᠶᠢᠴᠠᠭᠠᠯᠲᠠ ᠬᠢᠨ᠎ᠡ︾ ᠭᠡᠵᠦ ᠵᠠᠰᠠᠪᠤᠷᠢ ᠣᠷᠣᠭᠤᠯᠪᠠ᠃ | ᠲᠠᠪᠤ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ ᠳᠤ ᠲᠣᠬᠢᠶᠠᠯᠳᠤᠭᠰᠠᠨ | ᠠᠰᠠᠭᠤᠳᠠᠯ ᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | 2024 ᠣᠨ ᠤ 12 ᠳ᠋ᠤᠭᠠᠷ ᠰᠠᠷ᠎ᠠ ᠶᠢᠨ 3 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |