ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠳᠤ᠂ ᠬᠠᠬᠢᠷ ᠬᠦᠢᠲᠡᠨ ᠤᠯᠠᠷᠢᠯ ᠢᠶᠠᠷ ᠬᠠᠶᠢᠷ᠎ᠠ ᠰᠡᠳᠬᠢᠯᠭᠡ ᠭᠦᠨ ᠪᠠᠶᠢᠯ᠎ᠠ᠃ 1 ᠰᠠᠷ᠎ᠠ ᠶᠢᠨ 21 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ | ᠭᠦᠨᠵᠡᠭᠡᠶᠢᠷᠡᠨ ︽ᠠᠷᠠᠳ ᠤᠨ ᠵᠢᠱᠢᠶᠡᠴᠢ︾ ᠳᠦᠭᠦ᠋ᠢᠮ᠎ᠠ ᠶᠢ ᠡᠷᠭᠢᠨ ᠦᠵᠡᠵᠦ ᠲᠣᠬᠤᠨᠢᠭᠤᠯᠤᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | | | 1 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠲᠠ ᠶᠢᠨ | ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠳᠤ ᠬᠦᠷᠴᠦ᠂ ︽ᠠᠷᠠᠳ ᠤᠨ ᠵᠢᠱᠢᠶᠡᠴᠢ︾ ᠳᠦᠭᠦ᠋ᠢᠮ᠎ᠠ ᠶᠢ ᠡᠷᠭᠢᠨ ᠦᠵᠡᠵᠦ ᠲᠣᠬᠤᠨᠢᠭᠤᠯᠵᠠᠢ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠥᠷᠯᠥᠭᠡ ᠡᠷᠲᠡ ᠰᠦᠨ ᠱᠤᠤ ᠴᠧᠩ ᠭᠦᠭᠡᠬᠤᠲᠠ ᠠᠴᠠ ᠮᠠᠰᠢᠨ ᠲᠡᠷᠭᠡ ᠪᠠᠷ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠳᠦᠭᠦ᠋ᠢᠮ᠎ᠠ | ᠨᠠᠰᠤᠲᠠᠨ ᠤ ᠬᠢᠨ ᠳᠤ ᠬᠦᠷᠴᠡᠢ᠂ ᠨᠠᠰᠤᠲᠠᠨ ᠤ ᠭᠡᠷ ᠲᠤᠨᠢ ᠣᠷᠣᠮᠠᠭᠴᠠ ᠲᠡᠷᠡ᠂ ︽ᠤᠳᠠᠯ ᠦᠭᠡᠢ ᠴᠠᠭᠠᠨ ᠰᠠᠷ᠎ᠠ ᠪᠤᠯᠬᠤ ᠭᠡᠵᠦ ᠪᠠᠶᠢᠨ᠎ᠠ᠂ ᠪᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠᠨ ᠢ ᠡᠷᠭᠢᠨ ᠦᠵᠡᠵᠦ ᠪᠤᠢ᠂ ᠲᠠᠨ ᠳᠤ ᠰᠢᠨ᠎ᠡ ᠶᠢᠨ ᠵᠣᠯᠭᠠᠯᠲᠠ ᠬᠢᠵᠦ | ᠪᠠᠶᠢᠨ᠎ᠠ᠂ ᠲᠠᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ︾ ᠭᠡᠵᠦ ᠨᠠᠰᠤᠲᠠᠨ ᠳᠤ ᠬᠡᠯᠡᠪᠡ᠃ | ᠰᠦᠨ ᠱᠣᠣ ᠴᠧᠩ ᠨᠠᠰᠤᠲᠠᠨ ᠤ ᠠᠮᠢᠳᠤᠷᠠᠯ ᠪᠠ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠪᠠ᠃ ᠳᠦᠭᠦ᠋ᠢᠮ᠎ᠠ ᠨᠠᠰᠤᠲᠠᠨ ᠪᠠᠶᠠᠷᠯᠠᠨ ᠲᠤᠬᠳᠤᠯᠤᠬᠰᠠᠨ | ᠰᠡᠳᠬᠢᠯ ᠢᠶᠠᠨ ᠳᠠᠷᠤᠵᠤ ᠶᠠᠳᠠᠨ᠂ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ ᠰᠢᠨ᠎ᠡ ᠬᠤᠪᠢᠷᠠᠯᠲᠠ ᠪᠠᠨ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ ᠰᠦᠨ | ᠱᠤᠤ ᠴᠧᠩ ᠳᠦᠭᠦ᠋ᠢᠮ᠎ᠠ ᠨᠠᠰᠤᠲᠠᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠂ ᠲᠡᠷᠡ᠂ ᠲᠠ ᠤᠯᠤᠰ ᠲᠤ ᠲᠣᠪᠤᠶᠢᠮ᠎ᠠ ᠬᠤᠪᠢ | ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠶᠢ ᠦᠢᠯᠡᠳᠦᠯᠭᠡᠵᠢᠭᠦᠯᠪᠡ᠃ | ᠲᠠᠨ ᠤ ᠪᠡᠶ᠎ᠡ ᠮᠠᠬᠠᠪᠤᠳ ᠡᠷᠡᠭᠦᠯ ᠰᠠᠷᠠᠭᠤᠯ᠂ ᠴᠤᠭ ᠵᠢᠪᠬᠤᠭ᠎ᠠ ᠲᠡᠭᠦᠯᠳᠡᠷ ᠪᠠᠶᠢᠬᠤ ᠶᠢ ᠦᠵᠡᠭᠡᠳ ᠪᠢ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ ᠭᠡᠵᠡᠢ᠃ | ᠰᠦᠨ ᠱᠤᠤ ᠴᠧᠩ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤ ᠨᠠᠰᠤᠲᠠᠨ ᠢ ᠵᠠᠪᠠᠯ ᠰᠠᠶᠢᠲᠤᠷ ᠬᠠᠷᠠᠭᠠᠯᠵᠠᠬᠤ ᠬᠡᠷᠡᠭᠲᠡᠢ ᠭᠡᠵᠦ ᠵᠠᠬᠢᠪᠠ᠃ | ᠲᠣᠬᠤᠨᠢᠭᠤᠯᠤᠭᠰᠠᠨ ᠤ ᠳᠠᠷᠠᠭ᠎ᠠ᠂ ᠰᠦᠨ ᠱᠤᠤ ᠴᠧᠩ ᠤᠯᠠᠭᠠᠨᠴᠠᠪ ᠬᠤᠳᠠ ᠪᠣᠯᠣᠨ ᠳᠥᠷᠪᠡᠳ ᠬᠤᠰᠢᠭᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠤᠳᠠ᠂ ᠬᠤᠰᠢᠭᠤ ᠬᠤᠶᠠᠷ ᠱᠠᠲᠤᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠨᠤᠲᠠᠯᠠᠪᠠ᠃ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠠᠵᠢᠯ ᠤᠨ ᠰᠡᠳᠬᠢᠮᠵᠢ ᠪᠣᠯ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤᠮᠳᠠ ᠠᠯᠬᠤᠮ | ᠠᠯᠬᠤᠮ ᠢᠶᠠᠷ ᠪᠦᠷᠢᠯᠳᠦᠭᠰᠡᠨ ᠶᠤᠮ᠃ ᠡᠨᠡ ᠬᠦ ᠦᠨᠳᠦᠰᠦᠨ ᠰᠡᠳᠬᠢᠮᠵᠢ ᠶᠢ ᠲᠣᠭᠲᠠᠪᠤᠷᠢᠵᠢᠭᠤᠯᠤᠨ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠭᠰᠠᠨ | ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠯ ᠪᠦᠷᠢ ᠬᠡᠳᠦᠨ ᠵᠦᠢᠯ ᠤᠨ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ | ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠠᠵᠢᠯ ᠢ ᠠᠳᠬᠤᠵᠤ᠂ ᠨᠢᠳᠤᠨᠤᠨ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠡᠨᠡ ᠵᠢᠯ ︽ᠵᠢᠷᠭᠤᠭᠠᠨ | ᠠᠵᠢᠯᠯᠠᠭ᠎ᠠ︾ ᠶᠢ ᠪᠠᠶᠢᠷᠢᠯᠠᠭᠤᠯᠵᠤ᠂ ᠢᠮᠠᠭᠲᠠ ᠲᠤᠭᠤᠰᠢᠯᠠᠭᠤᠯᠤᠭᠰᠠᠨ ᠮᠥᠷᠲᠡᠭᠡᠨ ᠪᠠᠰᠠ ᠭᠤᠣᠯᠳᠠᠯᠭ᠎ᠠ ᠶᠢ ᠲᠤᠪᠤᠶᠢᠯᠭᠠᠬᠰᠠᠨ ᠪᠠᠶᠢᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠡᠭᠦᠨ ᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ | ᠤᠷᠤᠭᠰᠢᠯᠠᠬᠤ ᠬᠡᠷᠡᠭᠲᠡᠢ ᠭᠡᠵᠡᠢ᠃ | ᠰᠦᠨ ᠱᠤᠤ ᠴᠧᠩ᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠡᠯ᠎ᠡ ᠱᠠᠲᠤ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠭᠤᠣᠯᠳᠠᠯᠭ᠎ᠠ ᠶᠢ ᠲᠣᠪᠤᠶᠢᠯᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ | ᠡᠭᠡᠭᠡ ᠠᠳᠠᠯᠢᠬᠠᠨ ᠪᠠᠶᠢᠬᠤ ᠠᠴᠠ ᠰᠡᠷᠭᠡᠶᠢᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠨᠢᠭᠡᠳᠦᠯᠲᠡᠢ ᠲᠥᠯᠥᠪᠵᠢᠭᠦᠯᠬᠦ ᠶᠢ ᠨᠡᠩ ᠴᠢᠬᠤᠯᠠᠴᠢᠯᠠᠵᠤ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠢ ᠨᠡᠩ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠳᠤᠮᠳᠠᠳᠤ ᠶᠢᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠳᠤ ᠬᠡᠷᠬᠢᠨ ᠠᠰᠢᠭᠲᠠᠢ ᠪᠣᠯ ᠲᠡᠭᠡᠵᠦ ᠬᠥᠭᠵᠢᠭᠦᠯᠬᠦ ᠬᠡᠷᠡᠭᠲᠡᠢ᠃ ᠤᠯᠠᠭᠠᠨᠴᠠᠪ ᠬᠤᠲᠠ ᠶᠢᠨ ᠬᠢᠨ | ᠳᠠᠪᠠᠭᠤᠯᠢᠭ ᠲᠠᠭᠠᠨ ᠰᠠᠭᠤᠷᠢᠯᠠᠨ᠂ ᠳᠠᠪᠠᠭᠤᠯᠢᠭ ᠢᠶᠠᠨ ᠥᠷᠭᠡᠳᠬᠡᠵᠦ᠂ ᠪᠣᠳᠣᠯᠲᠠ ᠶᠢᠨ ᠴᠢᠳᠠᠪᠤᠷᠢ᠂ ᠲᠡᠮᠦᠷ ᠤᠨ ᠬᠠᠶᠢᠯᠤᠰᠢ᠂ ᠰᠣᠶᠣᠯ ᠵᠢᠭᠤᠯᠴᠢᠯᠠᠯ ᠵᠡᠷᠭᠡ | ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠨᠠᠩ ᠰᠠᠨᠠᠭᠠᠴᠢᠯᠠᠭ᠎ᠠ ᠠᠴᠠ ᠪᠠᠨ | ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠳᠤ ᠠᠭᠤᠰᠤᠯᠴᠠᠬᠤ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠨᠳᠤᠯᠭᠠᠲᠤ ᠴᠢᠨᠠᠷᠲᠠᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠬᠡᠪᠴᠢᠶᠡᠲᠦ ᠴᠢᠨᠠᠷᠲᠠᠢ ᠪᠠᠷ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠤᠶᠠᠳᠤᠭᠠᠷ | ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ᠂ ᠴᠠᠭᠢᠯᠭᠠᠨ ᠬᠠᠩᠭᠠᠬᠤ᠂ | ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠠᠰᠢᠭᠯᠠᠬᠤ ᠵᠡᠷᠭᠡ ᠠᠰᠠᠭᠤᠳᠠᠯ ᠢ ᠬᠤᠲᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠭᠠᠯᠠᠭ᠎ᠠ | ᠲᠥᠯᠥᠪᠯᠡᠭᠡ ᠪᠠᠨ ᠡᠷᠲᠡᠬᠡᠨ ᠬᠢᠬᠦ ᠬᠡᠷᠡᠭᠲᠡᠢ᠂ ᠬᠤᠰᠢᠭᠤ ᠰᠢᠶᠠᠨ ᠤ ᠬᠢᠨ ᠴᠦ ᠵᠣᠷᠢᠭᠲᠠᠢ ᠪᠠᠷ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠡᠲᠡᠭᠡᠷ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠡᠢ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |