1 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠲᠠ ᠳᠤ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ | | | 1 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠲᠠ ᠳᠤ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠬᠤᠷᠠᠯ ᠠᠴᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭ᠎ᠠ ᠶᠢᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠭᠤᠣᠯ | ᠬᠠᠷᠢᠭᠤᠴᠠᠯᠭᠠᠲᠠᠨ ᠨᠥᠬᠦᠷ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠥᠪᠡᠷ ᠤᠨ ᠵᠠᠳᠠᠯᠤᠯᠲᠠ | ᠬᠢᠵᠦ᠂ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠳᠠᠷᠠᠭᠠᠯᠠᠨ ᠦᠭᠡ ᠶᠠᠷᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ | ᠬᠢᠪᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠦᠨᠡᠯᠡᠯᠲᠡ ᠬᠢᠪᠡ᠃ | ᠰᠦᠨ ᠱᠤᠤ ᠴᠧᠩ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠣᠯ ᠰᠡᠳᠦᠪ ᠤᠨ ᠲᠣᠭᠤᠷᠢᠨ ᠳᠤ᠂ ᠠᠰᠠᠭᠤᠳᠠᠯ ᠢ | ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠨᠢ ᠵᠠᠳᠠᠯᠵᠤ᠂ ᠴᠢᠷᠮᠠᠶᠢᠬᠤ ᠴᠢᠭᠯᠡᠯ ᠨᠢ ᠴᠥᠮ ᠦᠨᠡᠨ ᠪᠣᠳᠠᠲᠠᠢ ᠪᠠᠶᠢᠵᠤ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠨᠢ ᠦᠨᠡᠨᠴᠢ᠂ ᠰᠢᠭᠤᠳ ᠰᠢᠯᠤᠭᠤᠨ ᠪᠠᠶᠢᠵᠤ᠂ ᠬᠠᠷᠢᠯᠴᠠᠨ ᠬᠠᠪᠰᠤᠷᠤᠯᠴᠠᠬᠤ᠂ ᠬᠠᠮᠲᠤ ᠪᠠᠷ ᠳᠡᠭᠡᠭᠰᠢᠯᠡᠬᠦ᠂ ᠪᠦᠯᠬᠦᠮᠳᠡᠯ ᠢ ᠴᠢᠩᠭᠠᠳᠬᠠᠬᠤ | ᠬᠠᠷᠠᠯᠲᠠ ᠳᠤ ᠬᠦᠷᠴᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠢ ︽ᠬᠤᠷᠠᠯᠳᠤᠭᠤᠯᠬᠤ︾ ᠨᠢ ᠵᠥᠪᠭᠡᠨ ᠨᠢᠭᠡᠳᠦᠭᠡᠷ ᠠᠯᠬᠤᠮ ᠲᠡᠳᠦᠢ ᠶᠤᠮ᠂ ᠦᠷ᠎ᠡ | ᠪᠦᠲᠦᠮᠵᠢ ᠨᠢ ᠶᠠᠮᠠᠷ ᠪᠤᠯᠬᠤ ᠶᠢᠨ ᠵᠠᠩᠭᠢᠯᠠᠭ᠎ᠠ ᠨᠢ ︽ᠴᠡᠭᠴᠡᠯᠡᠨ ᠰᠠᠶᠢᠵᠢᠷᠠᠭᠤᠯᠤᠭᠰᠠᠨ︾ ᠨᠢ ᠬᠢᠷᠢ ᠵᠡᠷᠭᠡ ᠪᠠᠶᠢᠬᠤ ᠶᠢ ᠦᠵᠡᠨ᠎ᠡ᠂ ᠪᠠᠶᠢᠴᠠᠭᠠᠵᠤ ᠢᠯᠡᠷᠡᠭᠦᠯᠦᠭᠰᠡᠨ | ᠠᠰᠠᠭᠤᠳᠠᠯ ᠢ ᠬᠢᠨᠠᠮᠠᠭᠠᠢ ᠡᠮᠬᠢᠳᠬᠡᠵᠦ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ | ᠦᠨᠡᠨ ᠪᠣᠳᠠᠲᠠᠢ ᠠᠳᠬᠤᠬᠤ ᠬᠡᠷᠡᠭᠲᠡᠢ᠂ ᠶᠠᠭᠠᠬᠢᠭᠰᠠᠨ ᠴᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠵᠤ ᠪᠤᠯᠬᠤ ᠦᠭᠡᠢ ᠭᠡᠪᠡ᠃ | ᠰᠦᠨ ᠱᠤᠤ ᠴᠧᠩ᠂ ᠪᠣᠳᠠᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠠᠪᠤᠴᠠ ᠳᠤ᠂ ᠭᠤᠷᠪᠠᠨ ᠭᠦᠨ ᠳᠠᠪᠬᠤᠷᠭ᠎ᠠ ᠶᠢᠨ | ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠳᠡᠭᠡᠷ᠎ᠡ | ᠱᠠᠲᠤᠨ ᠳᠤ ᠬᠡᠷᠬᠢᠨ ᠬᠠᠨᠳᠤᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠲᠣᠰ ᠭᠠᠵᠠᠷ ᠣᠷᠣᠨ ᠤ ᠪᠣᠳᠠᠲᠠᠢ ᠲᠠᠢ | ᠤᠶᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ | ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ︽ᠤᠯᠠᠨ ᠲᠦᠮᠡᠨ ᠳᠤ ᠬᠡᠷᠬᠢᠨ ᠬᠠᠨᠳᠤᠬᠤ︾ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠰᠠᠨᠠᠭᠠᠴᠢᠯᠠᠭ᠎ᠠ ᠠᠴᠠ ᠪᠠᠨ ᠤᠯᠠᠨ | ᠲᠦᠮᠡᠨ ᠳᠤ ᠦᠢᠯᠡᠴᠢᠯᠡᠬᠦ ᠬᠠᠷᠠᠭᠠᠰᠤ ᠠᠴᠠ ︽ᠦᠨᠳᠦᠰᠦᠨ ᠱᠠᠲᠤᠨ ᠳᠤ ᠣᠶᠢᠷᠠᠳᠴᠤ︾᠂ ᠤᠯᠠᠨ ᠲᠦᠮᠡᠨ ᠳᠤ ᠪᠤᠶᠠᠨ ᠦᠢᠯᠡᠳᠴᠦ᠂ ᠪᠣᠳᠠᠲᠠᠢ ᠠᠵᠢᠯ ᠬᠢᠬᠦ ᠶᠢ | ᠪᠠᠲᠤᠯᠠᠬᠤ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠵᠢᠷᠤᠮᠯᠠᠵᠤ᠂ ︽ᠥᠪᠡᠷ ᠤᠨ ᠪᠡᠶ᠎ᠡ ᠳᠡᠭᠡᠨ ᠬᠡᠷᠬᠢᠨ ᠬᠠᠨᠳᠤᠬᠤ︾ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠷᠬᠡ ᠶᠢ ᠬᠠᠮᠢᠭ᠎ᠠ ᠠᠴᠠ ᠣᠯᠬᠤ᠂ ᠡᠷᠬᠡ ᠶᠢ ᠬᠡᠨ ᠤ ᠲᠥᠯᠥᠭᠡ ᠬᠡᠷᠡᠭᠵᠢᠭᠦᠯᠬᠦ ᠶᠢ ᠲᠣᠳᠣᠷᠬᠠᠢ ᠪᠤᠯᠭᠠᠵᠤ᠂ | ᠲᠤᠰ ᠪᠡᠶ᠎ᠡ ᠪᠠᠨ ᠴᠢᠩᠭ᠎ᠠ ᠱᠠᠭᠠᠷᠳᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠢᠯᠡ ᠠᠵᠢᠯᠯᠠᠭ᠎ᠠ ᠶᠢ ᠡᠷᠡᠰ ᠡᠰᠡᠷᠭᠦᠴᠡᠵᠦ᠂ | ᠲᠣᠭᠲᠠᠭᠠᠯ ᠢ ᠵᠥᠷᠢᠴᠡᠨ ᠰᠠᠬᠢᠯᠭ᠎ᠠ ᠪᠠᠲᠤ ᠶᠢ ᠡᠪᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠪᠡ᠃ | ᠢᠦᠢ ᠯᠢ ᠰᠢᠨ ᠣᠷᠣᠯᠴᠠᠵᠠᠢ᠃ |