1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠦᠩᠯᠢᠶᠣᠣ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊·ᠳᠠᠯᠠᠨᠲᠠᠢ ᠰᠣᠷᠪᠤᠯᠵᠢᠯᠠᠭ᠎ᠠ ᠬᠦᠯᠢᠶᠡᠬᠦ ᠳᠡᠭᠡᠨ᠄ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠥᠮᠥᠰ ᠢ ᠵᠣᠷᠢᠭᠵᠢᠭᠤᠯᠵᠤ᠂ ᠡᠷᠡᠯᠬᠡᠭᠯᠡᠨ ᠤᠷᠤᠭᠰᠢᠯᠠᠭᠤᠯᠤᠨ᠎ᠠ᠃ ᠲᠦᠩᠯᠢᠶᠣᠣ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ | ᠲᠣᠭᠤᠷᠢᠨ ᠳᠤ᠂ ᠲᠤᠯᠤᠭᠠᠨ ᠲᠠᠯ᠎ᠠ ᠪᠠᠷ ᠪᠦᠭᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ | ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠪᠡ᠃ | | | | ᠴᠢ᠊·ᠳᠠᠯᠠᠨᠲᠠᠢ᠂ ᠲᠦᠩᠯᠢᠶᠣᠣ ᠬᠤᠲᠠ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠲᠠᠯ᠎ᠠ ᠪᠠᠷ ᠪᠣᠭᠤᠮᠲᠠ ᠰᠢᠪᠲᠤᠯᠵᠤ᠂ ᠴᠢᠬᠤᠯᠠ ᠶᠡᠭᠡ ᠲᠦᠷᠦᠯ ᠵᠦᠢᠯ ᠢᠶᠠᠷ | ᠠᠵᠢᠯᠯᠠᠭ᠎ᠠ ᠶᠢ ᠤᠬᠠᠭᠠᠯᠠᠨ ᠲᠥᠯᠥᠪᠯᠡᠬᠦ ᠪᠠᠷ ᠵᠢᠯᠣᠭᠤᠳᠤᠮᠵᠢ ᠪᠤᠯᠭᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠤᠨ ᠲᠦᠷᠦᠯ ᠵᠦᠢᠯ ᠢ | ᠨᠥᠭᠡᠴᠡᠯᠡᠨ᠎ᠡ ᠭᠡᠷᠡᠭᠵᠢᠭᠦᠯᠦᠨ᠎ᠡ; ︽ᠲᠣᠮᠣ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ︾ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠠᠵᠢᠯᠯᠠᠭ᠎ᠠ ᠶᠢ ᠬᠤᠯᠪᠤᠭᠠᠯᠠᠨ ᠥᠷᠨᠢᠭᠦᠯᠬᠦ᠂ ᠦᠵᠡᠭᠳᠡᠯ ᠪᠠᠶᠢᠳᠠᠯ ᠢ ᠬᠤᠯᠪᠤᠭᠠᠯᠠᠨ ᠪᠠᠶᠢᠭᠤᠯᠬᠤ ᠵᠡᠷᠭᠡ ᠶᠢ | ᠰᠠᠶᠢᠲᠤᠷ ᠠᠳᠬᠤᠵᠤ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠲᠠᠯ᠎ᠠ ᠪᠠᠷ ᠪᠣᠭᠤᠮᠲᠠ ᠰᠢᠪᠲᠤᠯᠵᠤ᠂ ᠮᠢᠩᠭᠠᠨ ᠲᠦᠮᠡᠨ ᠮᠦ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠣᠲᠣ ᠦᠶ᠎ᠡ ᠶᠢᠨ ᠲᠠᠷᠢᠶᠠᠯᠠᠩ ᠤᠨ | ᠵᠢᠱᠢᠶ᠎ᠡ ᠦᠵᠡᠭᠦᠯᠭᠦ ᠣᠷᠣᠨ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠪᠦᠭᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ | ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠭᠢᠭᠤᠯᠤᠨ᠎ᠠ; ᠬᠥᠩᠭᠡᠨᠴᠠᠭᠠᠨ ᠨᠢᠺᠧᠯ ᠴᠠᠬᠢᠭᠤᠷ ᠢᠶᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ᠂ | ᠰᠢᠨ᠎ᠡ ᠡᠨᠧᠷᠭᠢ ᠵᠢᠴᠢ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠲᠤ ᠰᠢᠯᠢᠳᠡᠭ ᠢ ᠪᠣᠶᠢᠵᠢᠭᠤᠯᠵᠤ ᠦᠷ᠎ᠡ ᠪᠦᠳᠦᠮᠵᠢ ᠶᠢ ᠨᠡᠮᠡᠭᠳᠡᠭᠦᠯᠬᠦ ᠶᠢ ᠠᠬᠢᠭᠤᠯᠵᠤ᠂ | ᠪᠠᠶᠢᠭᠠᠯᠢ ᠶᠢᠨ ᠬᠤᠵᠢᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠵᠡᠷᠭᠡ ᠲᠤᠯᠭᠠᠭᠤᠷᠢ ᠰᠢᠨ᠎ᠡ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠬᠥᠭᠵᠢᠯᠲᠡ ᠶᠢᠨ ᠣᠷᠴᠢᠨ | ᠨᠥᠬᠦᠴᠡᠯ ᠢ ᠪᠤᠢ ᠪᠣᠯᠭᠠᠨ ᠰᠢᠯᠢᠳᠡᠭᠵᠢᠭᠦᠯᠬᠦ ᠲᠠᠯ᠎ᠠ ᠪᠠᠷ ᠪᠣᠭᠤᠮᠲᠠ ᠰᠢᠪᠲᠤᠯᠤᠨ ᠬᠦᠴᠢᠷᠳᠡᠯ ᠢ ᠰᠢᠢᠳᠪᠦᠷᠢᠯᠡᠵᠦ᠂ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠎ᠠ; ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠭᠵᠢᠭᠡᠨ᠎ᠡ; ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ | ᠠᠴᠠ ᠪᠠᠨ ᠭᠥᠯᠢᠶᠡᠨ ᠠᠪᠴᠤ᠂ ᠨᠠᠩ ᠣᠯᠠᠨ ᠣᠷᠣᠨ ᠪᠦᠰᠡ ᠶᠢᠨ ᠬᠠᠮᠲᠤᠷᠠᠯᠴᠠᠭᠠᠨ ᠤ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠲᠠᠯ᠎ᠠ ᠪᠠᠷ ᠪᠣᠭᠤᠮᠲᠠ ᠰᠢᠪᠲᠤᠯᠵᠤ᠂ ᠭᠤᠣᠯ ᠬᠤᠲᠠ ᠶᠢᠨ ᠲᠣᠭᠤᠷᠢᠭ ᠤᠨ ᠳᠠᠭᠠᠭᠤᠯᠤᠭᠴᠢ ᠦᠢᠯᠡᠳᠦᠯ ᠢ ᠴᠢᠩᠭᠠᠳᠬᠠᠵᠤ᠂ ᠬᠤᠲᠠ ᠬᠥᠳᠡᠭᠡ ᠶᠢᠨ | ᠠᠭᠤᠰᠤᠯᠴᠠᠨ ᠵᠣᠬᠢᠴᠠᠩᠭᠤᠢ ᠬᠥᠭᠵᠢᠬᠦ ᠶᠢ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠥᠭᠵᠢᠯᠲᠡ ᠶᠢᠨ | ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠪᠣᠭᠤᠮᠲᠠ ᠰᠢᠪᠲᠤᠯᠵᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ | ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠳᠤᠯ ᠢ ᠪᠠᠭᠠᠰᠬᠠᠬᠤ | ᠨᠣᠭᠤᠭᠠᠷᠠᠭᠤᠯᠤᠯᠲᠠ ᠶᠢ ᠥᠷᠭᠡᠳᠬᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠡᠭᠦᠳᠦᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ | ᠲᠠᠯ᠎ᠠ ᠪᠠᠷ ᠪᠣᠭᠤᠮᠲᠠ ᠰᠢᠪᠲᠤᠯᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠠᠩ ᠥᠨᠳᠥᠷ | ᠲᠦᠪᠰᠢᠨ ᠢᠶᠠᠷ ᠲᠦᠩᠯᠢᠶᠣᠣ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃ |