2025·ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 1
ᠨᠡᠶᠢᠲᠡᠯᠡᠭᠰᠡᠨ ᠴᠠᠭ᠄
2025/1/24
       — 2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ       ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ
6387322635610578885520688.jpg      
             ᠲᠥᠯᠥᠭᠡᠯᠡᠭᠴᠢᠳ ᠠ᠋᠄       ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2024 ᠣᠨ ᠤ ᠠᠵᠢᠯ ᠤᠨ ᠡᠷᠭᠢᠴᠡᠭᠦᠯᠦᠯ        ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ᠲᠠᠯ᠎ᠠ ᠪᠠᠷ ᠪᠣᠳᠠᠲᠤ ᠠᠬᠢᠴᠠ ᠲᠠᠢ ᠪᠣᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 6% ᠣᠷᠴᠢᠮ ᠨᠡᠮᠡᠭᠳᠡᠨ᠂ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠢ ᠬᠡᠮᠵᠢᠶ᠎ᠡ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠬᠦᠷᠬᠦ ᠪᠣᠯᠣᠮᠵᠢᠲᠠᠢ ᠪᠠᠶᠢᠵᠤ᠂ 5 ᠵᠢᠯ ᠥᠩᠭᠡᠷᠡᠭᠡᠳ ᠳᠠᠬᠢᠨᠲᠠ ᠪᠦᠬᠦ ᠤᠯᠤᠰ ᠤᠨ ᠳᠤᠮᠳᠠ ᠲᠦᠪᠰᠢᠨ ᠳᠤ ᠪᠤᠴᠠᠬᠤ ᠪᠣᠯᠣᠨ᠎ᠠ︔ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 3 ᠨᠡᠷᠡᠰ ᠳᠡᠭᠡᠭᠰᠢᠯᠡᠨ᠂ 14 ᠳ᠋ᠦ᠋ᠭᠡᠷ ᠲᠤ ᠬᠦᠷᠬᠦ ᠪᠣᠯᠣᠮᠵᠢᠲᠠᠢ ᠪᠠᠶᠢᠵᠤ᠂ ᠰᠦ ᠰᠠᠭᠠᠯᠢ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠨ᠂ ᠲᠤᠭ᠎ᠠ ᠬᠡᠮᠵᠢᠶ᠎ᠡ ᠨᠢ ᠪᠠᠷᠠᠭᠤᠨ ᠬᠡᠰᠡᠭ ᠤᠨ ᠮᠤᠵᠢ ᠣᠷᠣᠨ ᠤ ᠳᠣᠲᠣᠷ᠎ᠠ 2 ᠳ᠋ᠤᠭᠠᠷ ᠲᠤ ᠪᠠᠶᠢᠷᠢᠰᠢᠪᠠ᠃ ᠠᠮᠤ ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠪᠦᠬᠦ ᠤᠯᠤᠰ ᠤᠨ 3 ᠳ᠋ᠤᠭᠠᠷ ᠲᠤ ᠪᠠᠶᠢᠷᠢᠰᠢᠪᠠ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠪᠦᠬᠦ ᠤᠯᠤᠰ ᠲᠤ ᠡᠩ ᠲᠡᠷᠢᠭᠦᠨ ᠳᠤ ᠳ᠋ᠦᠩᠰᠢᠭᠤᠷ ᠺᠢᠯᠣᠸᠠᠲ ᠢ ᠳᠠᠪᠠᠵᠤ᠂ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠤ ᠲᠣᠭᠲᠠᠭᠠᠭᠰᠠᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠨᠢᠭᠡᠴᠢ GDP ᠤᠨ ᠡᠨᠧᠷᠬᠢ ᠶᠢᠨ ᠬᠤᠷᠣᠭᠳᠠᠯ 3% ᠪᠠᠷ ᠪᠠᠭᠤᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠳᠤ ᠪᠠᠨ ᠨᠢᠭᠡ ᠵᠢᠯ ᠤᠷᠢᠳᠴᠢᠯᠠᠨ ᠬᠦᠷᠪᠡ᠃ ᠣᠷᠣᠭᠤᠯᠤᠨ ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ 5300 ᠳ᠋ᠦᠩᠰᠢᠭᠤᠷ ᠲᠥᠭᠦᠷᠢᠭ ᠢ ᠳᠠᠪᠠᠵᠤ᠂ ᠭᠤᠷᠪᠠᠨ ᠵᠢᠯ ᠳᠤ ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠪᠣᠳᠣᠬᠤ ᠴᠢᠳᠠᠪᠤᠷᠢ ᠶᠢᠨ ᠶᠡᠷᠦᠩᠬᠡᠢ ᠬᠡᠪᠴᠢᠶᠡᠵᠢᠯ 9.4 ᠲᠦᠮᠡᠨ P ᠲᠤ ᠬᠦᠷᠴᠦ᠂ ᠡᠭᠦᠨ ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ ᠪᠠᠶᠢᠷᠢᠯᠠᠪᠠ᠃       ᠨᠢᠭᠡ ᠵᠢᠯ ᠤᠨ ᠲᠤᠷᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠲᠠᠪᠤᠨ ᠶᠡᠭᠡ ᠡᠭᠦᠷᠭᠡ︾ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ᠵᠢᠴᠢ 28 ᠵᠤᠷᠪᠤᠰ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ᠂ ᠭᠤᠣᠯ ᠰᠢᠵᠢᠮ ᠤᠨ ᠱᠠᠭᠠᠷᠳᠠᠯᠭ᠎ᠠ ᠳᠤ ᠦᠯᠦ ᠨᠡᠶᠢᠴᠡᠬᠦ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠥᠳᠡᠯᠦᠩᠭᠦᠢ ᠪᠠᠷ ᠢᠯᠭᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠷᠢᠨ ᠪᠦᠷᠬᠦᠭᠦᠯᠪᠡ᠃ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠶᠢᠵᠤ᠂ ᠪᠢᠳᠡᠨ ᠤ ᠡᠷᠬᠡᠪᠰᠢ ᠰᠠᠶᠢᠲᠤᠷ ᠭᠦᠢᠴᠡᠳᠬᠡᠬᠦ ᠴᠢᠬᠤᠯᠠ ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠪᠠᠨ ᠲᠣᠳᠣᠷᠬᠠᠶᠢᠯᠠᠭᠰᠠᠨ ᠤ ᠳᠠᠷᠠᠭ᠎ᠠ᠂ ᠪᠢᠳᠡ ᠮᠦᠷᠳᠡᠨ ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠳᠠᠶᠢᠴᠢᠯᠠᠯᠲᠠ ᠶᠢᠨ ᠵᠠᠷᠯᠢᠭ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠡᠯᠡᠰᠦ ᠶᠢ ᠵᠠᠰᠠᠬᠤ᠂ ᠣᠶᠢᠵᠢᠭᠤᠯᠬᠤ᠂ ᠡᠪᠡᠰᠦ ᠲᠠᠷᠢᠬᠤ ᠲᠠᠯ᠎ᠠ ᠪᠠᠷ ᠳᠤᠰ ᠪᠦᠷᠢ ᠣᠨ ᠤ ᠬᠠᠷᠠᠯᠲᠠ ᠡᠭᠦᠷᠭᠡ ᠪᠠᠨ 113%᠂ 220% ᠪᠠ 148% ᠪᠠᠷ ᠪᠡᠶᠡᠯᠡᠭᠦᠯᠪᠡ︔ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠳ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠭᠡᠮ ᠰᠣᠭᠤᠭ ᠢ ᠲᠦᠢᠯᠪᠤᠷᠢᠲᠠᠢ ᠵᠢᠭᠰᠠᠭᠠᠨ ᠪᠠᠶᠢᠴᠠᠭᠠᠵᠤ᠂ ᠬᠠᠳᠤᠨ ᠭᠤᠣᠯ ᠵᠢᠴᠢ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ 47᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠶᠢᠨ ᠠᠭᠠᠷ ᠮᠠᠨᠳᠠᠯ ᠤᠨ ᠵᠠᠰᠠᠯᠲᠠ ᠶᠢᠨ ᠲᠦᠷᠦᠯ ᠵᠦᠢᠯ ᠢ 63 ᠬᠡᠷᠡᠭᠵᠢᠭᠦᠯᠵᠦ᠂ ᠬᠠᠳᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠤᠨ 5 ᠵᠢᠯ ᠳᠠᠷᠠᠭᠠᠯᠠᠨ II ᠲᠦᠷᠦᠯ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠤᠯᠤᠰ ᠤᠨ ᠭᠠᠵᠠᠷ ᠳᠡᠭᠡᠷᠡᠬᠢ ᠤᠰᠤ ᠶᠢ ᠰᠢᠯᠭᠠᠨ ᠬᠢᠨᠠᠬᠤ ᠣᠭᠲᠣᠯᠣᠭᠠᠰᠤ ᠳᠠᠬᠢ ᠪᠦᠬᠦ ᠣᠷᠣᠨ ᠤ ᠭᠠᠵᠠᠷ ᠳᠡᠭᠡᠷᠡᠬᠢ ᠤᠰᠤᠨ ᠤ ᠴᠢᠨᠠᠷ ᠤᠨ ᠰᠢᠯᠢᠳᠡᠭ ᠰᠠᠶᠢᠨ ᠤ ᠬᠠᠷᠢᠴᠠᠯ 81.4%᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ 90.6% ᠪᠠᠶᠢᠵᠤ᠂ ᠴᠥᠮ ᠤᠯᠤᠰ ᠤᠨ ᠪᠠᠭᠤᠯᠭᠠᠭᠰᠠᠨ ᠰᠢᠯᠭᠠᠨ ᠬᠢᠨᠠᠬᠤ ᠬᠠᠷᠠᠯᠲᠠ ᠶᠢ ᠪᠡᠶᠡᠯᠡᠭᠦᠯᠪᠡ᠃ ᠠᠮᠤᠷ ᠲᠣᠭᠲᠠᠭᠤᠨ ᠤ ᠬᠠᠯᠬᠠᠪᠴᠢ ᠶᠢᠨ ᠲᠠᠯ᠎ᠠ ᠪᠠᠷ᠂ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠣᠯᠬᠤ ᠦᠭᠡᠢ︾ ᠭᠡᠳᠡᠭ ᠢ ᠪᠠᠲᠤ ᠴᠡᠭᠡᠵᠢᠯᠡᠵᠦ᠂ ᠠᠶᠤᠯ ᠦᠭᠡᠢ ᠦᠢᠯᠡᠳᠪᠦᠷᠢᠯᠡᠯ ᠢ ᠬᠦᠴᠦᠯᠡᠨ ᠠᠳᠬᠤᠵᠤ᠂ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ᠂ ᠠᠳᠡᠭᠰᠡᠨ ᠬᠥᠮᠥᠨ ᠤ ᠲᠤᠭ᠎ᠠ ᠴᠥᠮ ᠪᠠᠭᠤᠷᠠᠪᠠ᠃ ᠪᠢᠳᠡ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠳ᠋ ᠤᠨ ᠵᠠᠰᠠᠭ ᠢ ᠪᠦᠬᠦ ᠣᠷᠣᠨ ᠳᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠪᠡᠯᠡ ᠮᠥᠩᠭᠦ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ᠂ 120.6 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠨᠢ ᠳᠡᠮᠵᠢᠵᠥ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠰᠠᠭᠤᠷᠢ ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠢ 66.5% ᠪᠠᠷ ᠪᠠᠭᠤᠷᠠᠭᠤᠯᠤᠨ᠂ 8 ᠬᠤᠰᠢᠭᠤ ᠰᠢᠶᠠᠨ ᠤ ᠳᠠᠯᠳᠠ ᠥᠷᠢ ᠥᠭᠴᠡᠭᠡ ᠶᠢ ᠪᠦᠷᠢᠮᠦᠰᠦᠨ ᠠᠷᠢᠯᠭᠠᠵᠤ᠂ 1 ᠠᠶᠢᠮᠠᠭ ᠬᠤᠳᠡ ᠶᠢᠨ ᠲᠤᠰ ᠱᠠᠲᠤ ᠪᠠ 10 ᠬᠤᠰᠢᠭᠤ ᠰᠢᠶᠠᠨ ᠨᠢ ᠲᠦᠭᠰᠢᠭᠦᠷᠢ ᠶᠡᠬᠡᠲᠡᠢ ᠵᠡᠷᠭᠡ ᠳᠡᠰ ᠠᠴᠠ ᠪᠤᠴᠠᠵᠤ ᠭᠠᠷᠬᠤ ᠪᠣᠯᠣᠮᠵᠢᠲᠠᠢ ᠪᠠᠶᠢᠵᠤ᠂ ᠪᠦᠬᠦ ᠣᠷᠣᠨ ᠤ ᠥᠷᠢ ᠥᠭᠴᠡᠭᠡᠨ ᠤ ᠲᠦᠭᠰᠢᠭᠦᠷᠢ ᠶᠢᠨ ᠳᠡᠰ ᠤᠨ ᠪᠠᠭᠤᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠠᠬᠢᠭᠤᠯᠵᠤ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ 80% ᠪᠠᠷ ᠪᠠᠭᠤᠷᠠᠭᠤᠯᠪᠠ︔ ᠴᠠᠭ ᠲᠤ ᠪᠠᠨ ᠪᠠᠲᠤᠯᠠᠨ ᠲᠤᠰᠢᠶᠠᠬᠤ ᠠᠰᠠᠷ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠪᠡᠶᠡᠯᠡᠭᠦᠯᠪᠡ᠃ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠶᠡᠷᠦᠩᠬᠡᠢ ᠬᠡᠮᠵᠢᠶ᠎ᠡ 46.5% ᠪᠠᠷ ᠪᠠᠭᠤᠷᠠᠪᠠ᠃ ᠴᠠᠬᠢᠯᠭᠠᠨ ᠬᠤᠯᠪᠣᠭᠠᠨ ᠤ ᠮᠡᠬᠡᠯᠡᠯ᠂ ᠰᠤᠷᠭᠠᠭᠤᠯᠢ ᠶᠢᠨ ᠬᠦᠷᠢᠶᠡᠨ ᠳᠠᠬᠢ ᠳᠠᠷᠤᠯᠠᠯ ᠳᠣᠷᠣᠮᠵᠢᠯᠠᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ ᠨᠡᠶᠢᠭᠡᠮ ᠳᠠᠶᠠᠭᠠᠷ ᠤᠨ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ᠨᠠᠮ ᠵᠠᠰᠠᠭ ᠴᠡᠷᠢᠭ ᠴᠠᠭᠳᠠᠭ᠎ᠠ ᠠᠷᠠᠳ ︽ᠲᠠᠪᠤ ᠶᠢ ᠨᠢᠭᠡ ᠴᠣᠭᠴᠠᠵᠢᠭᠤᠯᠬᠤ︾ ᠪᠠᠷ ᠬᠦᠴᠦ ᠪᠠᠨ ᠬᠠᠮᠲᠤᠳᠬᠠᠨ ᠬᠢᠯᠢ ᠬᠢᠵᠠᠭᠠᠷ ᠤᠨ ᠪᠦᠲᠦᠭᠡᠨ ᠪᠠᠶᠢᠭᠤᠯᠤᠯᠲᠠ ᠶᠢ ᠴᠢᠩᠳᠠᠯᠠᠨ ᠬᠢᠯᠢ ᠬᠢᠵᠠᠭᠠᠷ ᠢᠶᠠᠨ ᠪᠠᠬᠢᠵᠢᠭᠦᠯᠬᠦ ᠠᠵᠢᠯ ᠢ ᠴᠢᠩᠭᠠᠳᠬᠠᠪᠠ᠃ ᠡᠨᠧᠷᠬᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ᠂ ᠵᠢᠱᠢᠯᠲᠡ ᠪᠠᠷ ᠨᠡᠭᠦᠷᠡᠰᠦᠨ ᠤ ᠭᠠᠷᠤᠯᠲᠠ 12.9 ᠳ᠋ᠦᠩᠰᠢᠭᠤᠷ ᠲᠤᠨ ᠳᠤ ᠬᠦᠷᠴᠦ᠂ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 8.3 ᠳ᠋ᠦᠩᠰᠢᠭᠤᠷ ᠲᠤᠨ ᠪᠡᠶᠡᠯᠡᠭᠦᠯᠦᠨ᠂ ᠪᠦᠬᠦ ᠤᠯᠤᠰ ᠤᠨ 34.5% ᠶᠢ ᠡᠵᠡᠯᠡᠵᠦ᠂ ᠴᠠᠬᠢᠯᠭᠠᠨ ᠭᠠᠷᠭᠠᠭᠰᠠᠨ ᠬᠡᠮᠵᠢᠶ᠎ᠡ 8000 ᠳ᠋ᠦᠩᠰᠢᠭᠤᠷ ᠭᠷᠡᠳᠦ᠋ᠰ ᠢ ᠳᠠᠪᠠᠵᠤ᠂ ᠭᠠᠳᠠᠭᠰᠢ ᠴᠠᠬᠢᠯᠭᠠᠨ ᠳᠠᠮᠵᠢᠭᠤᠯᠤᠭᠰᠠᠨ ᠬᠡᠮᠵᠢᠶ᠎ᠡ 3150 ᠳ᠋ᠦᠩᠰᠢᠭᠤᠷ ᠭᠷᠡᠳᠦ᠋ᠰ ᠲᠤ ᠬᠦᠷᠴᠦ᠂ ᠪᠦᠬᠦ ᠤᠯᠤᠰ ᠤᠨ 16% ᠶᠢ ᠡᠵᠡᠯᠡᠵᠦ᠂ ᠴᠥᠮ ᠪᠦᠬᠦ ᠤᠯᠤᠰ ᠤᠨ ᠨᠢᠭᠡᠳᠦᠭᠡᠷ ᠲᠤ ᠪᠠᠶᠢᠷᠢᠰᠢᠪᠠ︔ ᠪᠣᠬᠢᠷᠳᠤᠯ ᠦᠭᠡᠢ ᠴᠠᠬᠢᠯᠭᠠᠨ ᠭᠠᠷᠭᠠᠭᠰᠠᠨ ᠬᠡᠮᠵᠢᠶ᠎ᠡ 2000 ᠳ᠋ᠦᠩᠰᠢᠭᠤᠷ ᠭᠷᠡᠳᠦ᠋ᠰ ᠢ ᠳᠠᠪᠠᠵᠤ᠂ ᠪᠦᠬᠦ ᠤᠯᠤᠰ ᠤᠨ ᠪᠣᠬᠢᠷᠳᠤᠯ ᠦᠭᠡᠢ ᠴᠠᠬᠢᠯᠭᠠᠨ ᠤ ᠤᠯᠠᠨ ᠤᠯᠤᠰ ᠤᠨ ᠨᠡᠭᠦᠷᠡᠰᠦᠳᠦ᠋ᠷᠦᠭᠴᠢ ᠶᠢᠨ ᠤᠯᠠ ᠮᠥᠷ ᠤᠨ ᠠᠩᠬᠠᠳᠠᠭᠴᠢ ᠦᠨᠡᠮᠯᠡᠯ ᠢ ᠲᠠᠷᠬᠠᠭᠠᠵᠤ᠂ ᠪᠦᠬᠦ ᠤᠯᠤᠰ ᠲᠤ ᠡᠩ ᠲᠡᠷᠢᠭᠦᠨ ᠳᠤ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭᠠᠨ ᠤ ᠠᠷᠠᠯᠵᠢᠶ᠎ᠠ ᠥᠷᠨᠢᠭᠦᠯᠦᠨ᠂ ᠪᠣᠬᠢᠷᠳᠤᠯ ᠦᠭᠡᠢ ᠴᠠᠬᠢᠯᠭᠠᠨ ᠤ ᠠᠷᠠᠯᠵᠢᠶᠠᠨ ᠤ ᠬᠡᠪᠴᠢᠶ᠎ᠡ ᠪᠦᠬᠦ ᠤᠯᠤᠰ ᠤᠨ ᠨᠢᠭᠡᠳᠦᠭᠡᠷ ᠲᠤ ᠪᠠᠶᠢᠷᠢᠰᠢᠵᠤ᠂ ᠶᠤᠸᠠᠨ ᠵᠢᠩ᠂ ᠮᠢᠩ ᠶᠠᠩ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠶᠢᠯᠠᠯ ᠤᠨ ᠶᠡᠷᠦᠩᠬᠡᠢ ᠬᠡᠯᠲᠡᠰ ᠳᠠᠩᠰᠠᠯᠠᠭᠤᠯᠤᠨ ᠰᠠᠭᠤᠷᠢᠰᠢᠪᠠ︔ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠮᠠᠲ᠋ᠧᠷᠢᠶᠠᠯ ᠤᠨ ᠭᠠᠷᠤᠯᠲᠠ 30% ᠠᠴᠠ ᠳᠡᠭᠡᠭᠰᠢ ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ︔ ᠠᠭᠤᠷᠬᠠᠢ ᠬᠠᠶᠢᠬᠤ ᠰᠢᠪᠲᠤᠯᠤᠯᠲᠠ ᠶᠢᠨ ᠠᠵᠢᠯᠯᠠᠭᠠᠨ ᠢᠶᠠᠷ ᠲᠣᠮᠣ ᠳᠤᠮᠳᠠ ᠬᠡᠯᠪᠡᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠣᠷᠣᠨ ᠢ ᠰᠢᠨ᠎ᠡ ᠪᠠᠷ 20 ᠢᠯᠡᠷᠡᠭᠦᠯᠵᠦ᠂ 8 ᠵᠦᠢᠯ ᠤᠨ ᠠᠭᠤᠷᠬᠠᠢ ᠶᠢᠨ ᠭᠠᠷᠤᠯᠲᠠ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠨᠥᠭᠡᠴᠡ ᠨᠡᠮᠡᠭᠳᠡᠭᠦᠯᠬᠦ ᠡᠭᠦᠷᠭᠡ ᠶᠢ ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠲᠠᠯ᠎ᠠ ᠪᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 940 ᠲᠦᠮᠡᠨ ᠮᠦ᠂ ︽ᠲᠣᠨ ᠤᠨᠠᠯᠲᠠ ᠲᠠᠢ ᠲᠠᠷᠢᠶ᠎ᠠ︾ ᠶᠢ 855 ᠲᠦᠮᠡᠨ ᠮᠦ ᠪᠠᠶᠢᠭᠤᠯᠵᠤ᠂ ᠪᠡᠯᠡᠳᠭᠡᠮᠵᠢᠲᠦ ᠲᠠᠷᠢᠶᠠᠯᠠᠩ ᠢ 26 ᠲᠦᠮᠡᠨ ᠮᠦ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 300 ᠲᠦᠮᠡᠨ ᠺᠦᠸᠠᠳ᠋ ᠮᠧᠲᠷ ᠰᠢᠨ᠎ᠡ ᠪᠠᠷ ᠨᠡᠮᠡᠭᠳᠡᠭᠦᠯᠦᠨ᠂ 78 ᠲᠦᠮᠡᠨ ᠲᠠᠷᠢᠶᠠᠯᠠᠬᠤ ᠮᠠᠯᠵᠢᠬᠤ ᠡᠷᠦᠬᠡ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠠᠮᠤ ᠪᠤᠳᠠᠭᠠᠨ ᠤ ᠮᠦ ᠪᠦᠷᠢ ᠶᠢᠨ ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ ᠶᠢᠨ ᠳᠤᠮᠳᠠᠴᠢ ᠨᠢᠭᠡᠴᠢ ᠤᠨᠠᠯᠲᠠ ᠳᠠᠬᠢᠨᠲᠠ ᠰᠢᠨ᠎ᠡ ᠲᠦᠪᠰᠢᠨ ᠳᠤ ᠬᠦᠷᠴᠦ᠂ ᠦᠬᠡᠷ ᠬᠤᠨᠢᠨ ᠤ ᠮᠢᠬ᠎ᠠ᠂ ᠦᠨᠢᠶᠡᠨ ᠰᠦᠨ ᠤ ᠭᠠᠷᠤᠯᠲᠠ ᠪᠦᠬᠦ ᠤᠯᠤᠰ ᠤᠨ ᠨᠢᠭᠡᠳᠦᠭᠡᠷ ᠲᠤ ᠯᠠᠪᠳᠠᠭᠤᠨ ᠪᠠᠶᠢᠷᠢᠯᠠᠵᠤ᠂ ᠰᠦ ᠰᠠᠭᠠᠯᠢ᠂ ᠤᠯᠠᠭᠠᠨ ᠢᠳᠡᠭᠡ᠂ ᠲᠥᠮᠥᠰᠥ᠂ ᠨᠣᠣᠯᠣᠭᠤᠷ ᠵᠡᠷᠭᠡ ᠭᠤᠣᠯᠳᠠᠯᠭ᠎ᠠ ᠪᠣᠯᠬᠤ 7 ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 7000 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠤ ᠲᠠᠯ᠎ᠠ ᠨᠤᠲᠤᠭ ᠠᠴᠠ ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ ᠣᠯᠠᠰᠢᠷᠠᠪᠠ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠠᠯ᠎ᠠ ᠪᠠᠷ᠂ 3 ᠬᠤᠣᠰ ᠤᠯᠠᠨ ᠤᠯᠤᠰ ᠤᠨ ᠨᠦᠬᠦᠷᠰᠡᠭ ᠬᠤᠳᠠ ᠶᠢᠨ ᠬᠠᠷᠢᠴᠠᠭ᠎ᠠ ᠶᠢ ᠰᠢᠨ᠎ᠡ ᠪᠠᠷ ᠪᠠᠶᠢᠭᠤᠯᠤᠨ᠂ ᠳᠤᠮᠳᠠᠳᠤ ᠮᠣᠩᠭᠤᠯ ᠤᠨ ᠡᠷᠢᠶᠡᠨ ᠬᠤᠳᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠥᠪᠰᠢᠶᠡᠷᠡᠭᠳᠡᠵᠦ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠪᠦᠭᠦ ᠱᠤᠭᠤᠮ ᠢᠶᠠᠷ ᠨᠡᠪᠲᠡᠷᠡᠵᠥ᠂ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠠᠷᠢᠯᠴᠠᠨ ᠠᠷᠠᠯᠵᠢᠶᠠᠯᠠᠬᠤ ᠣᠷᠣᠨ ᠢ ᠪᠣᠭᠤᠮᠲᠠ ᠬᠤᠷᠢᠵᠤ ᠡᠵᠡᠩᠨᠡᠨ ᠠᠵᠢᠯᠯᠠᠭᠤᠯᠵᠤ᠂ ᠵᠢᠱᠢᠯᠲᠡ ᠪᠠᠷ ᠪᠦᠬᠦ ᠣᠷᠣᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 2000 ᠳ᠋ᠦᠩᠰᠢᠭᠤᠷ ᠲᠥᠭᠦᠷᠢᠭ ᠢ ᠳᠠᠪᠠᠨ᠂ ︽ᠰᠢᠨ᠎ᠡ ᠭᠤᠷᠪᠠᠨ ᠵᠦᠢᠯ︾ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 50% ᠠᠴᠠ ᠳᠡᠭᠡᠭᠰᠢ ᠨᠡᠮᠡᠭᠳᠡᠪᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ