ᠨᠢᠭᠡ ᠵᠢᠯ ᠤᠨ ᠲᠤᠷᠰᠢ᠂ ᠪᠢᠳᠡ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ᠨᠦᠭᠦᠭᠡ ᠲᠠᠯ᠎ᠠ ᠪᠠᠷ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢ ᠠᠳᠬᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠭᠦᠯᠪᠡ᠃ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ 13% ᠪᠠᠷ ᠨᠡᠮᠡᠭᠳᠡᠨ᠂ ᠪᠦᠬᠦ ᠤᠯᠤᠰ ᠤᠨ 2 ᠳ᠋ᠤᠭᠠᠷ ᠪᠠᠶᠢᠷᠢ ᠪᠠᠨ | ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠲᠠ 9100 ᠳ᠋ᠦᠩᠰᠢᠭᠤᠷ ᠲᠥᠭᠦᠷᠢᠭ ᠢ ᠳᠠᠪᠠᠵᠤ᠂ ᠪᠣᠣ ᠹᠧᠩ ᠤᠨ ᠪᠦᠬᠦ ᠪᠥᠮᠪᠥᠷᠴᠡᠭ ᠲᠤ | ᠳᠠᠩ ᠭᠠᠭᠴᠠ ᠦᠢᠯᠡᠳᠪᠦᠷᠢ ᠶᠢᠨ ᠬᠡᠪᠴᠢᠶᠡᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠪᠣᠬᠢᠷᠳᠤᠯ ᠦᠭᠡᠢ ᠣᠰᠣᠳᠦ᠋ᠷᠦᠭᠴᠢ ᠶᠢ | ᠡᠪᠴᠡᠯᠳᠦᠭᠦᠯᠬᠦ᠂ ᠯᠦᠩ ᠵᠢᠢ ᠭᠡᠷᠡᠯᠴᠢ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ᠂ ᠤᠮᠠᠷᠠᠲᠤ ᠶᠢᠨ ᠬᠤᠪᠣᠷ ᠰᠢᠷᠣᠢ ᠶᠢᠨ ᠪᠦᠬᠦ | ᠪᠥᠮᠪᠥᠷᠴᠡᠭ ᠲᠤ ᠬᠡᠪᠴᠢᠶᠡᠵᠢᠯ ᠢᠶᠠᠷ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠠᠶᠢᠯᠤᠭᠤᠯᠤᠨ ᠪᠣᠯᠪᠠᠰᠣᠷᠠᠭᠤᠯᠵᠦ ᠬᠤᠪᠢᠶᠠᠨ ᠰᠠᠯᠭᠠᠬᠤ ᠵᠡᠷᠭᠡ ᠠᠵᠤ | ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ︔ ᠵᠢᠨᠢᠩ ᠠᠴᠠ ᠳ᠋ᠠᠲ᠋ᠦ᠋ᠩ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ | ᠠᠵᠢᠯᠯᠠᠭᠤᠯᠵᠤ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠵᠡᠭᠦᠨᠰᠢ ᠪᠠᠷᠠᠭᠤᠨᠰᠢᠬᠢ ᠲᠦᠷᠭᠡᠨ ᠤ | ᠵᠠᠰᠠᠮᠠᠯ ᠵᠠᠮ ᠤᠨ ᠶᠡᠭᠡ ᠨᠡᠪᠲᠡᠷᠡᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ᠂ ᠬᠦᠬᠡᠬᠤᠳᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠭᠤᠣᠯ | ᠴᠣᠭᠴᠠᠲᠤ ᠪᠠᠷᠢᠯᠭ᠎ᠠ ᠦᠨᠳᠦᠰᠦᠨ ᠳᠤ ᠪᠠᠨ ᠠᠵᠢᠯ ᠳᠠᠭᠤᠰᠴᠤ᠂ ᠱᠧᠩᠯᠢ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ | ᠢᠨᠵᠧᠨᠧᠷᠢᠩ ᠢ ᠡᠬᠢᠯᠡᠭᠦᠯᠦᠨ ᠠᠵᠢᠯᠯᠠᠭᠤᠯᠵᠤ᠂ ᠡᠭᠦᠯᠡᠨ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠣᠯᠲᠠ 40% ᠠᠴᠠ ᠳᠡᠭᠡᠭᠰᠢ ᠨᠡᠮᠡᠭᠳᠡᠪᠡ᠃ ᠵᠢᠱᠢᠯᠲᠡ ᠪᠠᠷ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠲᠤᠭ᠎ᠠ 4% ᠪᠠᠷ ᠨᠡᠮᠡᠭᠳᠡᠨ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯ ᠨᠢ 300 ᠭᠠᠷᠤᠢ ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠦ᠂ ᠲᠦᠷᠦᠭᠦᠴᠢ ᠳᠡᠯᠭᠡᠭᠦᠷ᠂ ᠬᠤᠰᠢᠭᠤᠴᠢ ᠳᠡᠯᠭᠡᠭᠦᠷ ᠢ 168 ᠰᠢᠨ᠎ᠡ ᠪᠠᠷ | ᠣᠷᠣᠭᠤᠯᠤᠨ ᠠᠪᠴᠢᠷᠠᠵᠤ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾᠂ ︽ᠳᠡᠯᠭᠡᠷ ᠨᠠᠭᠠᠳᠤᠮ︾ ᠨᠢ ᠵᠢᠭᠤᠯᠴᠢᠯᠠᠯ ᠤᠨ ᠰᠢᠨ᠎ᠡ ᠬᠥᠭ ᠠᠶᠠᠰ ᠢ | ᠴᠢᠪᠬᠠᠳᠠᠵᠤ᠂ ᠷᠠᠰᠢᠶᠠᠨ ᠤ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠯᠣᠣ ᠨᠢᠦ ᠸᠠᠨ ᠬᠠᠲᠣᠨ ᠭᠤᠣᠯ ᠤᠨ ᠶᠡᠭᠡ ᠬᠠᠪᠴᠢᠯ᠂ ᠮᠡᠷᠭᠡᠯ | ᠭᠤᠣᠯ 5A ᠳᠡᠰ ᠤᠨ ᠦᠵᠡᠮᠵᠢ ᠶᠢᠨ ᠣᠷᠣᠨ ᠬᠢᠨᠠᠨ ᠵᠥᠪᠰᠢᠶᠡᠷᠡᠭᠳᠡᠵᠦ᠂ ᠪᠦᠬᠦ ᠣᠷᠣᠨ ᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 | ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ 4140 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ᠂ 18.6% ᠪᠠ 23.4% ᠪᠠᠷ ᠨᠡᠮᠡᠭᠳᠡᠪᠡ᠃ | ᠤᠮᠠᠷᠠᠲᠤ ᠬᠢᠯᠢ ᠶᠢᠨ ᠰᠣᠶᠣᠯ ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠶᠢ ᠴᠢᠩᠭᠠᠳᠬᠠᠨ᠂ ᠶᠤᠸᠠᠨ ᠤ ᠳᠡᠭᠡᠳᠦ ᠨᠡᠶᠢᠰᠯᠡᠯ᠂ ᠴᠢᠨ ᠤ ᠴᠢᠬᠡ ᠵᠠᠮ ᠤᠨ | ᠪᠠᠭᠤᠷᠢ᠂ ᠤᠳᠠ ᠶᠢᠨ ᠫᠧᠷᠮᠢ ᠭᠠᠯᠪᠠ ᠶᠢᠨ ᠤᠷᠭᠤᠮᠠᠯ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ ᠬᠠᠮᠠᠭᠠᠯᠠᠯᠲᠠ ᠢᠳᠡᠪᠬᠢ ᠠᠬᠢᠯᠲᠠ ᠲᠠᠢ | ᠪᠣᠯᠵᠤ᠂ ᠬᠤᠩᠱᠠᠨ ᠰᠣᠶᠣᠯ ᠤᠨ ᠬᠠᠭᠤᠴᠢᠨ ᠤ ᠰᠤᠳᠤᠯᠤᠯ ᠤᠨ ᠲᠠᠯ᠎ᠠ ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ ᠲᠠᠢ ᠪᠠᠶᠢᠵᠤ᠂ ᠪᠠᠳᠠᠢ ᠶᠢᠨ ᠵᠢᠷᠠᠨ ᠡᠯᠡᠰᠦ – | ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ ᠢ ᠠᠮᠵᠢᠯᠲᠠ ᠲᠠᠢ ᠪᠠᠷ ᠥᠪ ᠢᠶᠠᠷ ᠭᠤᠶᠤᠴᠢᠯᠠᠪᠠ᠂ ᠲᠧᠯᠸᠢᠰ ᠵᠦᠴᠦᠭᠡ ︽ᠠᠬᠠᠮᠠᠳ ᠦᠶ᠎ᠡ ᠶᠢᠨ ᠢᠷᠠᠭᠤ ᠠᠯᠳᠠᠷ︾ | ᠨᠢ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠬᠦᠷᠲᠡᠵᠦ᠂ ᠤᠯᠠᠭᠠᠨᠮᠥ᠋ᠴᠢᠷ ᠨᠢ ᠪᠡᠭᠡᠵᠢᠩ ᠱᠠᠩᠬᠠᠢ ᠭᠤᠸᠠᠩᠵᠧᠦ ᠵᠡᠷᠭᠡ 25 ᠮᠤᠵᠢ ᠬᠤᠳᠠ ᠪᠠᠷ 760 | ᠭᠠᠷᠤᠢ ᠲᠠᠯᠠᠪᠤᠷ ᠲᠣᠭᠤᠷᠢᠨ ᠲᠣᠭᠯᠠᠵᠤ᠂ ︽ᠮᠣᠷᠢᠲᠤ ᠴᠡᠷᠢᠭ︾ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠦᠵᠡᠭᠦᠯᠭᠡ ᠶᠢᠨ ᠲᠤᠭᠯᠠᠯᠲᠠ ᠶᠢᠨ ᠲᠠᠯᠠᠪᠤᠷ | ᠪᠣᠯᠭᠠᠨ ᠳᠤ ᠦᠵᠡᠭᠴᠢᠳ ᠳᠦᠭᠦᠷᠴᠦ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ︾ ᠢ ᠪᠦᠬᠦ ᠤᠯᠤᠰ ᠲᠤ ᠬᠠᠩᠭᠢᠨᠠᠭᠤᠯᠪᠠ᠃ | ᠠᠷᠠᠳ ᠤᠨ ᠠᠮᠢᠳᠤᠷᠠᠯ ᠤᠨ ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ ᠲᠠᠢ ᠪᠣᠯᠵᠤ᠂ ᠵᠢᠱᠢᠯᠲᠡ ᠪᠠᠷ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠨᠢ | ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠵᠤ᠂ ᠬᠤᠲᠠ ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ᠂ | ᠵᠢᠯ ᠤᠨ ᠡᠬᠢᠨ ᠳᠤ ᠠᠮᠠᠯᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠮᠥᠩᠭᠦ᠂ ᠵᠡᠮᠳᠡᠭᠴᠦᠳ ᠤᠨ ᠨᠡᠮᠡᠭᠦᠷᠢ ᠵᠡᠷᠭᠡ 5 ᠵᠦᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ | ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠪᠠ︔ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠰᠢᠨ᠎ᠡ ᠪᠠᠷ ᠪᠡᠯᠡᠳᠬᠡᠨ ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ | ᠠᠶᠤᠯᠲᠠᠢ ᠭᠡᠷ ᠪᠠᠶᠢᠰᠢᠩ ᠢ 3460 ᠡᠷᠣᠭᠡ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠪᠡ︔ ᠪᠦᠢᠲᠠ | ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠦᠴᠦᠨ ᠤ ᠲᠣᠣᠷ ᠢ ᠤᠷᠲᠤᠳᠬᠠᠬᠤ ᠵᠢᠴᠢ | ᠰᠢᠨ᠎ᠡ ᠡᠨᠧᠷᠬᠢ ᠶᠢᠨ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠪᠡᠶᠡᠯᠡᠭᠦᠯᠪᠡ︔ ᠨᠢᠯᠬ᠎ᠠ ᠨᠢᠷᠠᠢ ᠬᠡᠦᠬᠡᠳ ᠰᠠᠭᠠᠲᠠᠭᠤᠯᠬᠤ | ᠣᠷᠣ ᠶᠢ 1.8 ᠲᠦᠮᠡ᠂ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠣᠷᠣ ᠶᠢ 3.8 ᠲᠦᠮᠡ ᠰᠢᠨ᠎ᠡ ᠪᠠᠷ ᠨᠡᠮᠡᠭᠳᠡᠭᠦᠯᠵᠦ᠂ ᠦᠨᠳᠦᠰᠦᠨ ᠠᠩᠭᠢ ᠶᠢᠨ | ᠲᠤᠰᠬᠠᠢ ᠮᠡᠷᠭᠡᠵᠢᠯ ᠢ 22 ᠰᠢᠨ᠎ᠡ ᠪᠠᠷ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠢᠶᠠᠷ | ᠮᠡᠷᠭᠡᠰᠢᠯᠲᠦ ᠴᠢᠳᠠᠪᠤᠷᠢᠲᠠᠨ ᠢ 3.1 ᠲᠦᠮᠡ ᠬᠥᠮᠥᠵᠢᠭᠦᠯᠵᠦ ᠥᠭᠪᠡ︔ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠰᠢᠤᠸᠠᠨ ᠦ᠋ ᠡᠮᠨᠡᠯᠭᠡ ᠶᠢᠨ | ᠬᠤᠷᠢᠶᠠᠨ ᠤ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 2 ᠡᠮᠴᠢᠯᠡᠭᠡᠨ ᠤ ᠲᠥᠪ ᠰᠢᠨ᠎ᠡ ᠪᠠᠷ ᠫᠠᠶᠢᠰᠠ ᠡᠯᠭᠦᠨ | ᠪᠠᠶᠢᠭᠤᠯᠤᠭᠳᠠᠵᠤ᠂ ᠨᠢᠭᠲᠠ ᠬᠡᠯᠪᠡᠷᠢ ᠪᠦᠬᠦᠢ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 61 ᠪᠠᠶᠢᠭᠤᠯᠵᠤ᠂ ᠪᠦᠬᠦ ᠣᠷᠣᠨ ᠤ 333 | ᠡᠷᠦᠬᠡ ᠡᠮᠴᠢᠯᠡᠭᠡᠨ ᠤ ᠪᠠᠶᠢᠭᠤᠯᠤᠮᠵᠢ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠡᠮ ᠡᠮᠨᠡᠯᠭᠡ ᠶᠢᠨ | ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠨᠢ ᠣᠯᠠᠨ ᠲᠦᠮᠡᠨ ᠤ ᠡᠮᠨᠡᠭᠦᠯᠬᠦ ᠳᠠᠷᠤᠭᠠᠰᠤ ᠶᠢ 172 ᠳ᠋ᠦᠩᠰᠢᠭᠤᠷ ᠲᠥᠭᠦᠷᠢᠭ ᠬᠥᠩᠭᠡᠷᠡᠭᠦᠯᠪᠡ︔ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ᠂ ᠡᠷᠡᠭᠲᠡᠢ ᠶᠢᠨ ᠪᠦᠢᠺᠦ ᠪᠥᠮᠪᠦᠭᠡ ᠶᠢᠨ ᠠᠽᠢᠶ᠎ᠠ ᠲᠢᠪ | ᠬᠤᠨᠳᠠᠭᠠᠲᠤ ᠬᠤᠯᠪᠣᠭᠠᠲᠤ ᠣᠷᠣᠯᠳᠣᠭᠠᠨ᠂ ᠪᠦᠬᠦ ᠤᠯᠤᠰ ᠤᠨ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠡᠷᠭᠡ ᠴᠢᠬᠤᠯᠠ ᠶᠡᠭᠡ | ᠣᠷᠣᠯᠳᠣᠭᠠᠨ ᠤ ᠶᠠᠪᠤᠳᠠᠯ ᠢ ᠠᠮᠵᠢᠯᠲᠠ ᠲᠠᠢ ᠡᠷᠬᠢᠯᠡᠨ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠠᠮᠢᠷᠴᠢᠨ 1 ᠠᠯᠲᠠᠨ ᠮᠧᠳᠠᠯ | 1 ᠮᠥᠩᠭᠦᠨ ᠮᠧᠳᠠᠯ ᠤᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠣᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠥᠷᠭᠡᠳᠴᠦ᠂ ᠪᠡᠭᠡᠵᠢᠩ ᠤᠨ ᠠᠵᠤ ᠠᠬᠤᠶᠢᠯᠠᠯ ᠰᠠᠭᠤᠷᠢᠰᠢᠵᠤ ᠪᠡᠯᠡ | ᠣᠷᠣᠭᠤᠯᠤᠭᠰᠠᠨ ᠲᠤᠭ᠎ᠠ 175 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠬᠤ ᠮᠠᠯᠵᠢᠬᠤ ᠣᠷᠣᠨ ᠤ 7 ᠲᠦᠮᠡ ᠭᠠᠷᠤᠢ ᠬᠦᠳᠡᠯᠮᠦᠷᠢ ᠬᠦᠴᠦᠨ ᠤ ᠠᠵᠢᠯ | ᠣᠯᠭᠤᠯᠲᠠ ᠶᠢ ᠳᠠᠶᠢᠴᠢᠯᠠᠨ᠂ ᠪᠡᠭᠡᠵᠢᠩ ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠦᠢᠯᠡᠴᠢᠯᠡᠭᠡ ᠥᠷᠨᠢᠭᠦᠯᠵᠦ᠂ ᠮᠠᠨ ᠤ | ᠣᠷᠣᠨ ᠤ 308 ᠳ᠋ᠦᠩᠰᠢᠭᠤᠷ ᠲᠥᠭᠦᠷᠢᠭ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠳᠤ ᠣᠷᠣᠭᠤᠯᠵᠤ᠂ | ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠪᠠᠶᠢᠭᠤᠯᠤᠭᠳᠠᠨ ᠠᠵᠢᠯᠯᠠᠵᠤ ᠡᠬᠢᠯᠡᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠳᠠᠭᠠᠵᠦ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠣᠷᠠᠯᠲᠠ ᠦᠭᠡᠢ ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ | ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠯᠭᠠᠪᠠ᠃ ᠣᠯᠠᠨ ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭᠠᠷᠠᠭᠰᠠᠨ ᠪᠠᠶᠢᠳᠠᠯ ᠳᠣᠣᠷ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠢᠮᠠᠭᠲᠠ | ᠨᠠᠮ ᠤᠨ ᠬᠤᠷᠢᠶᠠᠨ ᠤ ᠳᠠᠭᠠᠭᠤᠯᠭ᠎ᠠ ᠳᠤ ᠴᠢᠩᠭ᠎ᠠ ᠲᠦᠰᠢᠭᠯᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠠᠵᠢᠯ ᠬᠢᠵᠦ ᠦᠢᠯᠡᠰ ᠴᠣᠭᠴᠠᠯᠠᠬᠤ | ᠡᠷᠴᠢ ᠵᠣᠷᠢᠭ ᠢᠶᠠᠨ ᠬᠥᠪᠴᠢᠯᠡᠨ᠂ ᠪᠦᠬᠦ ᠵᠢᠯ ᠤᠨ ᠬᠠᠷᠠᠯᠲᠠ ᠶᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠤᠷᠤᠭᠰᠢᠯᠠᠨ | ᠳᠠᠪᠰᠢᠪᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ | ᠬᠦᠴᠦᠨ ᠦᠭᠡᠢ ᠪᠣᠯᠭᠠᠬᠤ ᠪᠠᠷ ᠳᠡᠪᠰᠢᠭᠦᠯᠵᠦ᠂ 12 ᠬᠤᠪᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ | ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ᠂ | ᠤᠯᠤᠰ ᠲᠦᠷᠦ ᠶᠢᠨ ᠵᠥᠪᠯᠡᠯᠭᠡᠨ ᠤ 895 ᠬᠤᠪᠢ ᠰᠠᠨᠠᠯ ᠳᠤᠷᠠᠳᠤᠯᠭ᠎ᠠ ᠶᠢ ᠴᠠᠭ ᠲᠤ ᠪᠠᠨ ᠭᠦᠢᠴᠡᠳᠬᠡᠨ ᠬᠠᠷᠢᠭᠤ ᠥᠭᠪᠡ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠪ ᠤᠨ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠰᠤᠷᠲᠠᠯ ᠤᠨ ᠠᠰᠠᠭᠤᠳᠠᠯ ᠢ | ᠦᠷᠭᠦᠯᠵᠢᠯᠡᠨ ᠵᠠᠯᠠᠷᠠᠭᠤᠯᠵᠤ ᠵᠠᠰᠠᠪᠠ᠃ |