ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠲᠤᠯᠭᠠᠷᠠᠭᠰᠠᠨ ᠠᠰᠠᠭᠤᠳᠠᠯ ᠬᠡᠳᠦ᠋ᠢᠪᠡᠷ ᠵᠢᠯ ᠤᠨ ᠡᠬᠢᠨ ᠳᠤ ᠲᠥᠰᠥᠭᠡᠯᠡᠭᠰᠡᠨ ᠠᠴᠠ ᠣᠯᠠᠨ᠂ | ᠥᠷᠢᠰᠦᠯᠳᠦᠭᠡᠨ ᠨᠢ ᠴᠦ ᠲᠥᠰᠥᠭᠡᠯᠡᠭᠰᠡᠨ ᠠᠴᠠ ᠶᠡᠭᠡ᠂ ᠣᠨᠴᠠᠭᠠᠶᠢᠯᠠᠨ ᠳᠣᠣᠷ᠎ᠠ ᠬᠠᠭᠠᠰ ᠵᠢᠯ ᠳᠤ ᠵᠠᠬ᠎ᠠ ᠳᠡᠯᠭᠡᠭᠦᠷ ᠤᠨ ᠪᠠᠶᠢᠳᠠᠯ ᠵᠢᠱᠢᠭᠰᠡᠨ ᠬᠡᠮᠵᠢᠶᠡᠨ ᠳᠤ | ᠬᠦᠷᠦᠭᠰᠡᠨ ᠦᠭᠡᠢ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠢᠮᠳᠠᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ ᠪᠠᠭᠤᠷᠠᠯᠲᠠ ᠲᠠᠢ ᠪᠠᠶᠢᠬᠤ | ᠵᠡᠷᠭᠡ ᠳᠠᠷᠤᠭᠠᠰᠤ ᠬᠦᠨᠳᠦᠷᠡᠭᠰᠡᠨ ᠪᠠᠶᠢᠳᠠᠯ ᠳᠣᠣᠷ᠎ᠠ᠂ ᠪᠦᠬᠦ ᠵᠢᠯ ᠤᠨ ᠬᠥᠭᠵᠢᠯᠲᠡ ᠮᠥᠨ ᠴᠤ ᠲᠣᠭᠲᠠᠭᠤᠨ ᠪᠠᠶᠢᠬᠤ ᠶᠢᠨ ᠳᠠᠭᠠᠤ ᠤᠷᠤᠭᠰᠢᠯᠠᠨ᠂ ᠥᠭᠡᠳᠡᠯᠡᠨ | ᠳᠠᠪᠰᠢᠬᠤ ᠪᠠᠨ ᠪᠡᠶᠡᠯᠡᠭᠦᠯᠪᠡ᠃ ᠡᠶᠢᠮᠦᠷᠬᠦᠦ ᠠᠮᠵᠢᠯᠲᠠ ᠪᠦᠲᠦᠮᠵᠢ ᠣᠯᠣᠭᠰᠠᠨ ᠤ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠠᠳᠬᠤᠨ | ᠵᠠᠮᠴᠢᠯᠠᠭᠰᠠᠨ᠂ ᠳᠣᠲᠣᠨᠣ ᠬᠠᠯᠠᠮᠵᠢᠯᠠᠭᠰᠠᠨ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠳᠤ ᠪᠣᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠣᠷᠣᠨ ᠳᠠᠶᠠᠭᠠᠷ ᠢ ᠤᠳᠤᠷᠢᠳᠤᠨ ᠳᠠᠭᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ᠂ ᠬᠠᠲᠠᠭᠤ ᠪᠡᠷᠬᠡᠰᠢᠶᠡᠯ ᠢ ᠲᠣᠭᠤᠯᠣᠨ ᠳᠠᠪᠠᠵᠤ᠂ | ᠡᠷᠡᠮᠡᠬᠡᠶᠢᠯᠡᠨ ᠲᠡᠮᠡᠴᠡᠭᠰᠡᠨ ᠳᠤ ᠪᠣᠢ᠃ ᠡᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ | ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠦᠳᠣᠮᠵᠢ ᠪᠠᠨ ᠭᠦᠢᠴᠡᠳ ᠬᠡᠯᠡᠬᠦ ᠶᠢᠨ ᠬᠠᠮᠲᠤ᠂ ᠠᠰᠠᠭᠤᠳᠠᠯ ᠢᠶᠠᠨ ᠴᠦ ᠲᠤᠭᠤᠷᠠᠲᠠᠯ᠎ᠠ ᠶᠠᠷᠢᠬᠤ ᠬᠡᠷᠡᠭᠲᠡᠢ᠃ ᠣᠳᠣᠬᠠᠨ ᠳᠤ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨ ᠴᠦ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭᠠᠷᠠᠵᠤ ᠪᠤᠢ᠃ | ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠦᠵᠡᠪᠡᠯ᠂ ᠮᠠᠨ ᠤ ᠣᠷᠣᠨ ᠤ ᠬᠡᠷᠡᠭᠯᠡᠭᠡ ᠪᠠᠭᠤᠷᠠᠢ᠂ ᠭᠠᠳᠠᠭᠠᠳᠤ ᠭᠠᠷᠭᠠᠯᠲᠠ ᠴᠥᠭᠡᠨ᠂ ᠠᠵᠤ ᠠᠬᠤᠢ ᠶᠢᠨ | ᠨᠡᠮᠡᠭᠳᠡᠯ ᠳᠠᠬᠢ ᠳᠠᠶᠢᠴᠢᠯᠠᠬᠤ ᠬᠦᠴᠦᠨ ᠬᠢᠵᠠᠭᠠᠷᠲᠠᠢ ᠪᠠᠶᠢᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ ᠨᠢᠭᠡᠨᠲᠡ 3 ᠵᠢᠯ ᠳᠠᠷᠠᠭᠠᠯᠠᠨ ᠥᠨᠳᠥᠷ | ᠨᠡᠮᠡᠭᠳᠡᠯ ᠲᠠᠢ ᠪᠠᠶᠢᠬᠤ ᠶᠢ ᠪᠡᠶᠡᠯᠡᠭᠦᠯᠦᠭᠰᠡᠨ ᠠᠴᠠ ᠦᠷᠭᠦᠯᠵᠢᠯᠡᠨ ᠥᠨᠳᠥᠷ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠪᠠᠭ᠎ᠠ ᠪᠤᠰᠤ ᠬᠦᠴᠢᠷᠳᠡᠯ ᠲᠤᠯᠭᠠᠷᠠᠬᠤ | ᠶᠤᠮ᠃ ᠠᠵᠤ ᠦᠢᠯᠡᠰ ᠤᠨ ᠲᠠᠯ᠎ᠠ ᠠᠴᠠ ᠦᠵᠡᠪᠡᠯ᠂ ᠳᠡᠭᠡᠳᠦ ᠲᠡᠰᠵᠢᠬᠦᠯᠬᠦ᠂ ᠣᠶᠤᠨᠴᠢᠯᠠᠬᠤ᠂ ᠪᠣᠬᠢᠷᠳᠤᠯ ᠦᠭᠡᠢ ᠪᠣᠯᠭᠠᠬᠤ ᠲᠠᠯ᠎ᠠ ᠪᠠᠷ ᠪᠠᠰᠠ ᠬᠦᠷᠦᠯᠴᠡᠬᠦ | ᠦᠭᠡᠢ ᠪᠠᠶᠢᠵᠤ᠂ ᠠᠵᠤ ᠦᠢᠯᠡᠳᠪᠦᠷᠢ ᠭᠡᠰᠡᠨ ᠦᠭᠡᠢ ᠲᠠᠷᠢᠶᠠᠯᠠᠩ ᠮᠠᠯ ᠠᠵᠤ ᠠᠬᠤᠢ ᠭᠡᠰᠡᠨ ᠦᠭᠡᠢ ᠦᠢᠯᠡᠳᠬᠦᠨ ᠨᠢ ᠭᠤᠣᠯᠳᠠᠭᠤ ᠠᠵᠤ ᠦᠢᠯᠡᠰ ᠤᠨ | ᠬᠡᠯᠬᠢᠶᠡᠨ ᠤ ᠳᠤᠮᠳᠠ ᠳᠡᠭᠡᠳᠦ ᠬᠡᠯᠬᠢᠶᠡᠨ ᠳᠤ ᠲᠥᠪᠯᠡᠷᠡᠵᠦ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠨᠡᠮᠡᠭᠳᠡᠯ ᠬᠤᠷᠳᠤᠨ ᠪᠣᠯᠪᠠᠴᠣ ᠡᠵᠡᠯᠡᠬᠦ ᠬᠤᠪᠢ ᠶᠢᠨ | ᠵᠢᠩ ᠪᠠᠭ᠎ᠠ ᠪᠠᠶᠢᠪᠠ᠃ ᠬᠦᠴᠦᠨ ᠵᠦᠢᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ᠂ ᠮᠠᠨ ᠤ ᠣᠷᠣᠨ ᠤ ᠠᠮᠢ ᠠᠬᠤᠢ ᠬᠡᠪᠡᠷᠡᠭ᠂ ᠣᠷᠴᠢᠨ ᠲᠣᠭᠤᠷᠢᠨ ᠤ | ᠳᠠᠭᠠᠭᠠᠴᠠ ᠬᠢᠵᠠᠭᠠᠷᠲᠠᠢ᠂ ᠤᠰᠤ᠂ ᠭᠠᠵᠠᠷ ᠰᠢᠷᠣᠢ᠂ ᠡᠨᠧᠷᠬᠢ ᠶᠢᠨ ᠬᠤᠷᠣᠭᠳᠠᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠠᠷᠪᠢᠯᠠᠨ ᠠᠰᠢᠭᠯᠠᠬᠤ ᠲᠦᠪᠰᠢᠨ | ᠪᠠᠰᠠ ᠥᠨᠳᠥᠷ ᠪᠤᠰᠤ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠠᠴᠠ ᠦᠵᠡᠪᠡᠯ᠂ ᠳᠡᠭᠡᠳᠦ ᠳᠡᠰ ᠤᠨ ᠴᠢᠳᠠᠪᠤᠷᠢᠲᠠᠨ | ᠲᠤᠲᠠᠭᠳᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ | ᠳᠤᠲᠠᠮᠠᠭ᠂ ᠵᠠᠬ᠎ᠠ ᠳᠡᠯᠭᠡᠭᠦᠷ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠰᠤᠯᠠᠪᠲᠤᠷ ᠪᠠᠶᠢᠨ᠎ᠠ᠃ ᠰᠢᠶᠠᠨ ᠤ ᠬᠡᠪᠴᠢᠶᠡᠨ ᠤ ᠠᠵᠤ ᠠᠬᠤᠢ ᠶᠢᠨ | ᠬᠥᠭᠵᠢᠯᠲᠡ ᠶᠢᠨ ᠲᠠᠯ᠎ᠠ ᠠᠴᠠ ᠦᠵᠡᠪᠡᠯ᠂ ᠬᠥᠭᠵᠢᠯᠲᠡ ᠲᠡᠩᠴᠡᠭᠦᠷᠢ ᠦᠭᠡᠢ ᠠᠰᠠᠭᠤᠳᠠᠯ ᠲᠣᠪᠤᠶᠢᠮ᠎ᠠ ᠪᠠᠶᠢᠵᠤ᠂ ᠬᠡᠳᠦ᠋ᠢᠪᠡᠷ ᠪᠦᠬᠦ ᠤᠯᠤᠰ ᠤᠨ ᠵᠠᠭᠤᠨ | ᠬᠦᠴᠦᠷᠬᠡᠭ ᠰᠢᠶᠠᠨ ᠤ ᠳᠣᠲᠣᠷ᠎ᠠ ᠮᠠᠨ ᠤ ᠣᠷᠣᠨ ᠠᠴᠠ 4 ᠪᠠᠶᠢᠬᠤ ᠪᠣᠯᠪᠠᠴᠣ᠂ ᠪᠠᠰᠠ 34 ᠬᠤᠰᠢᠭᠤ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠵᠠᠭᠤᠨ | ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠪᠠᠶᠢᠭᠰᠠᠭᠠᠷ ᠶᠤᠮ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ᠂ ᠡᠨᠡ ᠵᠢᠯ ᠮᠠᠨ ᠤ | ᠣᠷᠣᠨ ᠤ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ 17 ᠲᠦᠮᠡ ᠪᠠᠶᠢᠵᠤ᠂ ᠣᠯᠠᠨ ᠲᠦᠮᠡᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ | ᠠᠬᠢᠭᠤᠯᠬᠤ ᠳᠠᠷᠤᠭᠠᠰᠤ ᠤᠯᠠᠮ ᠨᠢᠭᠡ ᠠᠯᠬᠤᠮ ᠬᠦᠨᠳᠦᠷᠡᠵᠦ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠵᠤ ᠰᠠᠭᠠᠲᠠᠭᠤᠯᠬᠤ᠂ | ᠣᠷᠣᠨ ᠰᠠᠭᠤᠴᠠ᠂ ᠠᠮᠢ ᠠᠬᠤᠢ ᠣᠷᠴᠢᠨ ᠲᠣᠭᠤᠷᠢᠨ ᠤ ᠲᠠᠯ᠎ᠠ ᠪᠠᠷ ᠣᠯᠠᠨ ᠲᠦᠮᠡᠨ ᠪᠠᠰᠠ ᠮᠠᠰᠢ ᠣᠯᠠᠨ ᠬᠦᠰᠡᠯ ᠡᠷᠡᠮᠡᠯᠵᠡᠯ ᠲᠠᠢ ᠶᠤᠮ᠃ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠠᠴᠠ ᠦᠵᠡᠪᠡᠯ᠂ ᠨᠢᠭᠡ ᠪᠦᠯᠦᠭ ᠥᠭᠡᠷᠡᠴᠢᠯᠡᠯᠲᠡ ᠬᠥᠭᠵᠢᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠨᠢ ᠲᠤᠭᠤᠰᠢᠲᠠᠢ ᠪᠢᠰᠢ᠂ ᠵᠠᠷᠢᠮ ᠺᠠᠳ᠋ᠷ ᠤᠨ ᠰᠤᠷᠲᠠᠯ ᠮᠥᠨ ᠯᠠ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠵᠤ᠂ ᠬᠦᠴᠢᠷ | ᠪᠡᠷᠬᠡᠰᠢᠶᠡᠯ ᠥᠷᠢᠰᠦᠯᠳᠦᠭᠡᠨ ᠲᠤᠯᠭᠠᠷᠠᠬᠤ ᠳᠤ ᠢᠲᠡᠭᠡᠯ ᠵᠣᠷᠢᠭ ᠲᠡᠭᠦᠯᠳᠡᠷ ᠪᠤᠰᠤ᠂ ᠢᠳᠡ ᠬᠦᠴᠦᠨ ᠮᠡᠬᠦᠰᠳᠡᠵᠦ ᠪᠠᠶᠢᠨ᠎ᠠ᠃ ᠡᠳᠡᠭᠡᠷ ᠠᠰᠠᠭᠤᠳᠠᠯ ᠢ ᠡᠷᠬᠡᠪᠰᠢ | ᠬᠢᠨᠠᠮᠠᠭᠠᠢ ᠰᠤᠳᠤᠯᠵᠤ ᠰᠢᠢᠳᠪᠦᠷᠢᠯᠡᠬᠦ ᠬᠡᠷᠡᠭᠲᠡᠢ᠃ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠬᠤ ᠮᠥᠷᠲᠡᠭᠡᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠤᠨ᠂ ᠪᠦᠭᠦ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠦ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ | ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ︽ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ | ᠲᠦᠪᠰᠢᠨ ᠳᠤ ᠳᠠᠪᠰᠢᠬᠤ︾ ᠲᠠᠯ᠎ᠠ ᠪᠠᠷ ᠨᠡᠩ ᠶᠡᠭᠡ ᠠᠬᠢᠯᠲᠠ ᠲᠠᠢ ᠪᠣᠯᠭᠠᠬᠤ ᠪᠠᠷ ᠴᠢᠷᠮᠠᠶᠢᠨ᠂ ᠳᠤᠮᠳᠠᠳᠦ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠲᠠᠰᠦᠷᠠᠯᠲᠠ ᠦᠭᠡᠢ ᠪᠢᠴᠢᠭᠯᠡᠨ᠎ᠡ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠤᠯᠭ᠎ᠠ ᠶᠢ ᠠᠳᠠᠯᠢ | ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ | ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠨᠡ ᠵᠢᠯ ᠤᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ | ᠨᠥᠬᠦᠴᠡᠯ ᠲᠠᠢ᠂ ᠰᠠᠭᠤᠷᠢ ᠲᠠᠢ᠂ ᠶᠠᠷᠢᠶᠠᠨ ᠦᠭᠡᠢ ᠪᠠᠰᠠ ᠳᠠᠷᠤᠭᠠᠰᠤ ᠲᠠᠢ᠂ ᠥᠷᠢᠰᠦᠯᠳᠦᠭᠡᠨ ᠲᠠᠢ ᠶᠤᠮ᠂ ᠵᠠᠩᠭᠢᠯᠠᠭ᠎ᠠ ᠨᠢ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤ ᠰᠠᠬᠢᠵᠤ ᠴᠢᠳᠠᠬᠤ ᠡᠰᠡᠬᠦ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠬᠤᠶᠢᠷᠭᠤᠰᠢᠬᠤ ᠦᠭᠡᠢ | ᠪᠠᠶᠢᠬᠤ ᠶᠢ ᠪᠠᠲᠤᠯᠠᠵᠤ ᠴᠢᠳᠠᠬᠤ ᠡᠰᠡᠬᠦ ᠳᠤ ᠪᠠᠶᠢᠬᠤ ᠶᠤᠮ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ | ᠰᠠᠨᠠᠭ᠎ᠠ ᠲᠠᠢ ᠨᠢᠭᠡᠳᠦᠯᠲᠡᠢ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠦᠯᠲᠡᠢ ᠪᠠᠶᠢᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠴᠢᠩᠭ᠎ᠠ ᠤᠶᠠᠯᠳᠤᠵᠤ᠂ ᠵᠢᠷᠤᠭ ᠲᠥᠰᠥᠪ ᠢᠶᠠᠨ ᠡᠴᠦᠰ ᠲᠤ ᠨᠢ ᠲᠤᠯᠲᠠᠯ᠎ᠠ ᠵᠢᠷᠤᠭᠯᠠᠨ᠂ ︽ | ᠵᠢᠷᠭᠤᠭᠠᠨ ᠢᠨᠵᠧᠨᠧᠷᠢᠩ︾ ᠢ ᠦᠷᠬᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ︾ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ |