ᠡᠨᠡ ᠵᠢᠯ ᠭᠤᠣᠯᠳᠠᠭᠤ ᠳᠠᠷᠠᠭᠠᠬᠢ 11 ᠲᠠᠯ᠎ᠠ ᠶᠢᠨ ᠠᠵᠢᠯ ᠢ ᠰᠠᠶᠢᠲᠤᠷ ᠬᠢᠨ᠎ᠡ᠃ | ︵ᠨᠢᠭᠡ︶ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠢ ᠬᠡᠷᠡᠭᠵᠢᠭᠦᠯᠵᠦ᠂ ᠪᠡᠯᠡ ᠣᠷᠤᠭᠤᠯᠤᠯᠲᠠ ᠶᠢ ᠡᠷᠡᠰ ᠭᠤᠶᠢᠪᠢᠰᠢ | ᠦᠭᠡᠢ ᠠᠳᠬᠤᠨ᠎ᠠ᠃ ᠡᠨᠡ ᠵᠢᠯ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ᠂ ᠡᠨᠡ ᠬᠦ ᠬᠠᠷᠠᠯᠲᠠ ᠨᠢ ᠬᠦᠯᠢᠶᠡᠭᠡᠳ | ᠪᠡᠶᠡᠯᠡᠭᠳᠡᠬᠦ ᠪᠢᠰᠢ᠂ ᠡᠷᠬᠡᠪᠰᠢ ᠦᠨᠡᠨ ᠪᠣᠳᠠᠲᠠᠢ ᠪᠠᠷ ᠲᠦᠷᠦᠯ ᠵᠦᠢᠯ ᠢ ᠰᠦᠪᠡᠭᠴᠢᠯᠡᠨ᠂ ᠪᠡᠯᠡ ᠮᠥᠩᠭᠦ ᠣᠯᠵᠤ᠂ ᠬᠤᠳᠠᠯᠳᠤᠭᠠᠴᠢᠨ ᠤᠷᠢᠬᠤ ᠶᠢ ᠠᠳᠬᠤᠨ᠂ | ᠴᠢᠬᠤᠯᠠ ᠶᠡᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠡᠯᠡ ᠣᠷᠤᠭᠤᠯᠤᠯᠲᠠ ᠶᠢᠨ | ᠲᠠᠯ᠎ᠠ ᠪᠠᠷ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠭ᠋ᠤ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠷᠢᠵᠤ ᠲᠠᠲᠠᠬᠤ ᠶᠢ ᠤᠨᠤᠪᠴᠢᠲᠠᠢ ᠤᠬᠠᠭᠠᠯᠠᠨ ᠲᠥᠯᠥᠪᠯᠡᠨ᠎ᠡ᠃ ᠡᠨᠡ ᠵᠢᠯ ᠤᠯᠤᠰ ᠤᠨ ︽ᠬᠤᠶᠠᠷ ᠴᠢᠬᠤᠯᠠ︾ ᠲᠦᠷᠦ ᠶᠢᠨ | ᠪᠣᠳᠣᠯᠭ᠎ᠠ ᠶᠢᠨ ᠬᠦᠴᠦᠯᠡᠴᠡ ᠨᠡᠩ ᠶᠡᠭᠡ ᠪᠠᠶᠢᠵᠤ᠂ ᠵᠠᠩᠭᠢᠯᠠᠭ᠎ᠠ ᠨᠢ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ︔ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠨᠡᠩ ᠣᠯᠠᠨ ᠲᠦᠷᠦᠯ ᠵᠦᠢᠯ ᠢ ᠤᠯᠤᠰ ᠤᠨ ᠶᠡᠭᠡ ᠬᠡᠪᠴᠢᠶᠡᠵᠢᠯ ᠳᠤ ᠣᠷᠣᠭᠤᠯᠵᠤ᠂ | ᠲᠥᠪ ᠤᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠬᠦ ᠪᠠᠷ ᠴᠢᠷᠮᠠᠶᠢᠨ᠎ᠠ᠂ ᠡᠭᠦᠨ ᠤ ᠵᠠᠩᠭᠢᠯᠠᠭ᠎ᠠ ᠨᠢ ᠮᠥᠨ ᠴᠦ ᠲᠦᠷᠦᠯ ᠵᠦᠢᠯ ᠢ ᠰᠠᠶᠢᠲᠤᠷ ᠤᠬᠠᠭᠠᠯᠠᠨ | ᠲᠥᠯᠥᠪᠯᠡᠬᠦ ᠳᠤ ᠪᠣᠢ᠃ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠤᠨ ᠲᠠᠯ᠎ᠠ ᠪᠠᠷ᠂ ᠬᠥᠮᠥᠨ ᠠᠮᠠ ᠪᠠ ᠠᠵᠤ ᠠᠬᠤᠢ ᠶᠢᠨ ᠪᠠᠶᠢᠷᠢᠰᠢᠭᠤᠯᠤᠯᠲᠠ ᠶᠢᠨ | ᠲᠣᠭᠤᠷᠢᠨ ᠳᠤ᠂ ᠨᠢᠭᠡ ᠪᠦᠯᠦᠭ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ᠂ ᠬᠦᠷᠢᠶᠡᠯᠡᠩ ᠲᠣᠭᠤᠷᠢᠭ ᠤᠨ ᠵᠠᠮ᠂ ᠠᠷᠠᠳ ᠲᠤ ᠳᠦᠭᠦᠮ ᠦᠵᠡᠭᠦᠯᠬᠦ ᠵᠠᠮ ᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠡᠮᠦᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ᠂ ᠤᠰᠤᠨ ᠠᠰᠢᠭᠯᠠᠯᠲᠠ ᠶᠢᠨ | ᠲᠣᠣᠷ᠂ ᠴᠠᠬᠢᠯᠭᠠᠨ ᠬᠦᠴᠦᠨ ᠤ ᠲᠣᠣᠷ᠂ ᠴᠠᠬᠢᠯᠭᠠᠨ ᠬᠤᠯᠪᠣᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠠᠭᠤᠷᠢ ᠪᠡᠯᠡᠳᠬᠡᠮᠵᠢ ᠶᠢᠨ ᠪᠡᠯᠡ | ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠦᠨᠡᠨ ᠬᠦ ᠪᠠᠲᠤᠯᠠᠨ᠎ᠠ᠃ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠤᠨ | ᠲᠠᠯ᠎ᠠ ᠪᠠᠷ᠂ ᠡᠯ᠎ᠡ ᠠᠶᠢᠮᠠᠭ ᠬᠤᠲᠠ ᠨᠢ ᠪᠦᠬᠦ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠬᠤᠳᠠᠯᠳᠤᠭᠠᠴᠢᠨ | ᠤᠷᠢᠬᠤ ᠲᠥᠰᠥᠯ ᠢ ᠨᠢᠭᠡᠳ ᠨᠢᠭᠡ ᠪᠠᠷ ᠲᠣᠭᠲᠠᠭᠠᠵᠤ᠂ ᠣᠷᠣᠭᠤᠯᠤᠨ ᠠᠪᠴᠢᠷᠠᠵᠤ ᠪᠣᠳᠠᠲᠠᠶᠢᠵᠢᠭᠤᠯᠬᠤ ᠪᠡᠯᠡ ᠮᠥᠩᠭᠦ ᠶᠢ 5700 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠦᠭᠦᠯᠵᠦ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢ 4900 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ᠂ 10% ᠠᠴᠠ | ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠢ | ᠪᠠᠶᠢᠭᠤᠯᠵᠤ ᠳᠠᠭᠤᠰᠬᠠᠨ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠲᠦᠷᠭᠡᠳᠬᠡᠨ ᠪᠠᠶᠢᠭᠤᠯᠵᠤ᠂ ᠯᠢᠨ ᠾᠧ ᠠᠴᠠ ᠬᠠᠮᠢ ᠬᠦᠷᠬᠦ ᠱᠤᠭᠤᠮ᠂ | ᠵᠢᠨᠢᠩ ᠠᠴᠠ ᠡᠷᠢᠶᠡᠨ ᠬᠦᠷᠬᠦ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠵᠦ ᠰᠢᠨᠡᠳᠬᠡᠨ᠂ ᠪᠤᠭᠤᠲᠤ ᠣᠷᠳᠣᠰ ᠲᠡᠮᠡᠭᠡᠲᠦ ᠶᠢᠨ ᠲᠦᠷᠭᠡᠨ ᠤ ᠲᠡᠮᠦᠷ | ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ︔ S22 ᠪᠠᠶᠠᠨᠴᠠᠭᠠᠨ ᠠᠴᠠ ᠶᠦᠩ ᠲᠠᠢ ᠬᠦᠩ ᠬᠦᠷᠬᠦ ᠬᠡᠰᠡᠭ᠂ S29 ᠬᠦᠬᠡᠬᠤᠲᠠ ᠠᠴᠠ ᠯᠢᠶᠡᠩᠴᠧᠩ ᠬᠦᠷᠬᠦ | ᠲᠦᠷᠭᠡᠨ ᠤ ᠵᠠᠮ ᠢ ᠪᠠᠶᠢᠭᠤᠯᠵᠤ ᠳᠠᠭᠤᠰᠬᠠᠨ᠂ G0616 ᠬᠠᠯᠢᠭᠤᠲᠤ ᠠᠴᠠ ᠮᠤᠨᠠ ᠠᠭᠤᠯᠠ ᠪᠠᠯᠭᠠᠰᠤ ᠬᠦᠷᠬᠦ ᠬᠡᠰᠡᠭ᠂ G1817 ᠤᠰᠤᠲᠠᠢ ᠠᠴᠠ ᠪᠠᠶᠠᠨ | ᠬᠤᠳᠳᠤᠭ ᠬᠦᠷᠬᠦ ᠬᠡᠰᠡᠭ᠂ S27 ᠬᠦᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠬᠦᠬᠡᠬᠤᠲᠠ ᠶᠢᠨ | ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠶᠠᠯᠠᠯ ᠨᠡᠪᠲᠡᠷᠡᠬᠦ ᠶᠢ ᠦᠨᠡᠨ ᠬᠦ ᠪᠠᠲᠤᠯᠠᠵᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ ᠬᠠᠲᠦᠨ ᠭᠤᠣᠯ ᠤᠨ ᠤᠰᠤ ᠶᠢ ᠵᠠᠯᠠᠵᠤ ᠬᠦᠬᠡᠬᠤᠲᠠ ᠶᠢ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ | ᠲᠦᠷᠭᠡᠳᠬᠡᠨ᠂ ᠪᠣᠷᠣᠳᠣᠬᠤᠢ᠂ ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠶᠢ | ᠠᠬᠢᠭᠤᠯᠵᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠪᠦᠬᠦ ᠱᠤᠭᠤᠮ ᠢᠶᠠᠷ ᠤᠰᠤ ᠨᠡᠪᠲᠡᠷᠡᠬᠦ ᠶᠢ ᠪᠡᠶᠡᠯᠡᠭᠦᠯᠦᠨ᠎ᠡ᠃ ᠨᠢᠭᠡᠨᠲᠡ ᠤᠬᠠᠭᠠᠯᠠᠨ ᠲᠥᠯᠥᠪᠯᠡᠭᠰᠡᠨ 1400 ᠰᠢᠬᠠᠮ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠦᠷᠦᠯ ᠵᠦᠢᠯ ᠤᠨ ᠪᠡᠯᠡᠳᠬᠡᠯ ᠬᠤᠭᠤᠴᠠᠭ᠎ᠠ᠂ ᠴᠢᠬᠤᠯᠠ ᠬᠦᠴᠦᠨ ᠵᠦᠢᠯ᠂ ᠪᠣᠳᠠᠲᠠᠶᠢᠵᠢᠭᠤᠯᠤᠯᠲᠠ ᠶᠢ ᠨᠢᠭᠡᠳ ᠨᠢᠭᠡ ᠪᠠᠷ ᠠᠩᠬᠠᠷᠴᠤ᠂ | ᠳᠤᠮᠳᠠᠳᠦ ᠤᠯᠤᠰ ᠤᠨ ᠴᠢᠯᠠᠭᠤᠨ ᠲᠣᠰᠤᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠡ ᠨᠡᠭᠦᠷᠦᠭᠴᠢ ᠦᠢᠯᠡᠳᠬᠦ᠂ ᠷᠦᠩ | ᠱᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠢᠭᠡ ᠴᠣᠭᠴᠠᠵᠢᠭᠤᠯᠬᠤ᠂ ᠰᠠᠢ ᠱᠧᠩ ᠰᠢᠨ᠎ᠡ ᠮᠠᠲ᠋ᠧᠷᠢᠶᠠᠯ᠂ ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ | ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ ᠤᠨ ᠳᠡᠰ ᠤᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠡᠷᠲᠡ ᠨᠢᠭᠡ ᠡᠳᠦᠷ ᠠᠵᠢᠯ ᠡᠬᠢᠯᠡᠭᠦᠯᠵᠦ᠂ | ᠡᠷᠲᠡ ᠨᠢᠭᠡ ᠡᠳᠦᠷ ᠦᠢᠯᠡᠳᠪᠦᠷᠢᠯᠡᠬᠦ ᠬᠡᠮᠵᠢᠶᠡᠨ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ | ︵ᠬᠤᠶᠠᠷ︶ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ | ᠬᠥᠭᠵᠢᠭᠡᠨ᠎ᠡ᠃ ᠬᠡᠷᠡᠭᠯᠡᠭᠡ ᠶᠡᠷᠦ ᠨᠢ ᠮᠠᠨ ᠤ ᠣᠷᠣᠨ ᠤ ᠳᠤᠲᠠᠭᠤᠳᠠᠯ ᠪᠠᠶᠢᠵᠤ᠂ ᠡᠷᠬᠡᠪᠰᠢ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠶᠡᠭᠡ ᠪᠠᠷ | ᠬᠡᠷᠡᠭᠵᠢᠭᠦᠯᠵᠦ᠂ ᠳᠣᠲᠣᠭᠠᠳᠤ ᠳᠠᠯᠳᠠ ᠬᠦᠴᠦᠨ ᠢᠶᠠᠨ ᠭᠦᠢᠴᠡᠳ ᠠᠭᠤᠳᠠᠯᠬᠤ ᠬᠡᠷᠡᠭᠲᠡᠢ᠃ | ᠤᠯᠤᠰ ᠤᠨ ︽ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠬᠦᠴᠦᠯᠡᠨ ᠥᠷᠭᠡᠵᠢᠭᠦᠯᠵᠦ ᠬᠡᠷᠡᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠨ᠎ᠠ᠃ | ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ ᠮᠡᠷᠭᠡᠵᠢᠯ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠠᠮᠤᠷ ᠲᠦᠪᠰᠢᠨ ᠵᠡᠷᠭᠡ ᠪᠠᠷᠢᠮᠵᠢᠶᠠᠨ ᠤ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠳᠪᠦᠷᠢ ᠶᠢᠨ ᠲᠥᠬᠦᠭᠡᠷᠦᠮᠵᠢ᠂ ᠪᠠᠷᠢᠯᠭ᠎ᠠ ᠶᠢᠨ ᠮᠧᠬᠠᠨᠢᠭ᠂ ᠬᠠᠭᠤᠴᠢᠷᠠᠭᠰᠠᠨ ᠴᠠᠬᠢᠯᠭᠠᠨ ᠱᠠᠲᠤ᠂ | ᠡᠵᠡᠩᠨᠡᠯᠲᠡ ᠶᠢᠨ ᠠᠴᠢᠶᠠᠨ ᠤ ᠲᠡᠷᠭᠡ ᠵᠡᠷᠭᠡ ᠶᠢᠨ ︽ᠰᠣᠯᠢᠬᠤ ᠴᠢᠬᠤᠯᠠᠲᠠᠢ ᠶᠢ ᠨᠢ ᠴᠥᠮ ᠰᠣᠯᠢᠬᠤ︾ ᠶᠢ ᠠᠬᠢᠭᠤᠯᠤᠨ᠎ᠠ᠃ ᠣᠨᠴᠠᠭᠠᠶᠢᠯᠠᠨ ᠣᠷᠣᠨ ᠤ ᠳᠣᠲᠣᠨ᠎ᠠ | ᠭᠠᠳᠠᠨᠠᠬᠢ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ᠂ ᠬᠠᠭᠤᠴᠢᠨ ᠴᠠᠬᠢᠯᠭᠠᠨ ᠮᠠᠰᠢᠨ ᠢ ᠰᠢᠨᠡᠳᠬᠡᠨ ᠰᠣᠯᠢᠬᠤ ᠬᠡᠷᠡᠭᠴᠡᠭᠡ ᠶᠢ ᠴᠢᠩᠭ᠎ᠠ | ᠠᠩᠬᠠᠷᠴᠤ᠂ ᠮᠠᠨ ᠤ ᠣᠷᠣᠨ ᠤ ᠪᠠᠶᠢᠩᠭᠤ ᠰᠣᠷᠢᠨᠵᠢᠨᠲᠤ ᠴᠠᠬᠢᠯᠭᠠᠨ ᠮᠠᠰᠢᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ | ᠦᠢᠯᠡᠳᠪᠦᠷᠢᠯᠡᠬᠦ ᠴᠢᠳᠠᠮᠵᠢ ᠪᠠᠨ ᠳᠠᠭᠠᠯᠳᠤᠭᠤᠯᠤᠨ ᠪᠠᠳᠠᠷᠠᠭᠤᠯᠤᠨ᠎ᠠ᠃ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠬᠡᠷᠡᠭᠯᠡᠭᠡ ᠶᠢ | ᠠᠬᠢᠭᠤᠯᠬᠤ ᠬᠢᠭᠡᠳ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠭᠦᠯᠬᠦ ᠶᠢ ᠤᠶᠠᠯᠳᠤᠭᠤᠯᠤᠨ᠂ ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ᠂ | ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ ᠭᠡᠷ ᠤᠨ ᠬᠡᠷᠡᠭᠰᠡᠯ᠂ ᠳ᠋ᠢᠬᠢᠲ ᠦᠢᠯᠡᠳᠬᠦᠨ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠭᠡ ᠶᠢᠨ ᠲᠠᠯ᠎ᠠ ᠶᠢᠨ ᠬᠦᠰᠡᠯ | ᠪᠠ ᠬᠡᠷᠡᠭᠴᠡᠭᠡ ᠶᠢ ᠪᠦᠬᠦ ᠲᠠᠯ᠎ᠠ ᠪᠠᠷ ᠬᠥᠭᠵᠢᠭᠡᠨ᠎ᠡ᠃ | ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠨ᠎ᠠ᠃ ᠪᠦᠬᠦ ᠣᠷᠣᠨ ᠤ | 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭᠠᠰᠤᠨ ᠳᠤ ᠰᠢᠯᠵᠢᠨ ᠠᠵᠢᠯ ᠣᠯᠵᠤ ᠪᠠᠶᠢᠬᠤ ᠪᠠᠶᠢᠳᠠᠯ ᠳᠤ ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠮᠠᠯ ᠠᠵᠤ | ᠠᠬᠤᠢ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ᠂ ᠰᠢᠯᠵᠢᠭᠦᠯᠦᠨ ᠲᠥᠯᠥᠬᠦ᠂ ᠬᠦᠴᠦᠨ | ᠵᠦᠢᠯ ᠢ ᠲᠣᠬᠢᠷᠠᠭᠤᠯᠬᠤ ᠵᠡᠷᠭᠡ ᠶᠢ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠯᠤᠭ᠎ᠠ | ᠬᠤᠯᠪᠣᠭᠳᠠᠭᠤᠯᠬᠤ ᠶᠢ ᠠᠬᠢᠭᠤᠯᠤᠨ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠳᠠᠭᠠᠳᠬᠠᠯ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ | ᠨᠡᠩ ᠰᠠᠶᠢᠲᠤᠷ ᠦᠢᠯᠡᠴᠢᠯᠡᠭᠡ ᠬᠠᠩᠭᠠᠬᠤ ᠬᠡᠷᠡᠭᠲᠡᠢ᠃ ᠣᠯᠠᠨ ᠲᠦᠮᠡᠨ ᠤ ︽ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠲᠣᠭᠤᠷᠢᠭ︾ ᠤᠨ ᠬᠦᠰᠡᠯ ᠡᠷᠡᠮᠡᠯᠵᠡᠯ | ᠳᠦᠭᠦᠷᠡᠩ ᠪᠠᠶᠢᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ | ᠬᠠᠭᠤᠴᠢᠨ ᠰᠠᠭᠤᠭᠠᠯᠢ ᠲᠣᠭᠤᠷᠢᠭ ᠤᠨ ᠡᠵᠡ ᠮᠡᠳᠡᠵᠦ ᠰᠢᠨᠡᠳᠬᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡᠨ ᠭᠡᠷ ᠪᠠᠶᠢᠰᠢᠩ ᠪᠣᠷᠣᠯᠠᠭᠤᠯᠬᠤ ᠵᠡᠷᠭᠡ ᠰᠢᠨ᠎ᠡ | ᠬᠡᠪ ᠵᠠᠭᠪᠤᠷ ᠢ ᠳᠡᠯᠭᠡᠷᠡᠭᠦᠯᠵᠦ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠬᠤᠳᠠᠯᠳᠤᠨ | ᠠᠪᠬᠤ ᠶᠢ ᠨᠢ ᠤᠷᠮᠠᠰᠢᠭᠤᠯᠬᠤ ᠲᠦᠷᠦ ᠶᠢᠨ ᠪᠣᠳᠣᠯᠭ᠎ᠠ ᠨᠡᠶᠢᠲᠡᠯᠡᠵᠦ᠂ ᠪᠠᠲᠤᠯᠠᠭᠠᠲᠤ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠠᠳᠠᠷᠠᠭᠠᠨ᠎ᠠ᠃ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ ᠣᠶᠤᠨᠲᠤ ᠬᠤᠲᠠ ᠶᠢ ᠲᠦᠷᠭᠡᠳᠬᠡᠨ ᠪᠠᠶᠢᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢ ᠳ᠋ᠢᠭᠢᠳ᠋ᠴᠢᠯᠡᠨ ᠥᠭᠡᠷᠡᠴᠢᠯᠡᠨ ᠰᠢᠨᠡᠳᠬᠡᠬᠦ᠂ ᠣᠶᠤᠨᠴᠢᠯᠠᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ | 1291᠂ ᠡᠯ᠎ᠡ ᠲᠥᠷᠥᠯ ᠤᠨ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠡᠪ | ᠵᠠᠭᠪᠤᠷ ᠢᠶᠠᠷ ᠪᠠᠰᠠ ᠨᠢᠭᠡ ᠪᠦᠯᠦᠭ ᠠᠷᠠᠳ ᠲᠤ ᠳᠦᠭᠦᠮ ᠦᠵᠡᠬᠦᠯᠬᠦ ᠴᠠᠬᠢᠯᠭᠠᠨ ᠴᠡᠨᠡᠭᠯᠡᠬᠦ ᠱᠣᠩ ᠢ ᠪᠦᠲᠦᠭᠡᠨ ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠠᠴᠠ ᠪᠣᠯᠤᠭᠰᠠᠨ ᠠᠵᠠ ᠲᠣᠬᠢᠶᠠᠯ ᠢ ᠴᠢᠩᠭ᠎ᠠ ᠠᠳᠬᠤᠨ᠎ᠠ᠃ | ᠮᠠᠨ ᠤ ᠣᠷᠣᠨ ᠤ 60 ᠨᠠᠰᠦᠨ ᠠᠴᠠ ᠳᠡᠭᠡᠭᠰᠢᠬᠢ ᠨᠠᠰᠤᠲᠠᠶᠢᠴᠤᠳ ᠵᠢᠯ ᠪᠦᠷᠢ ᠳᠤᠮᠳᠠᠴᠢ ᠪᠠᠷ 30 ᠲᠦᠮᠡ ᠰᠢᠨ᠎ᠡ ᠪᠠᠷ ᠨᠡᠮᠡᠭᠳᠡᠵᠦ ᠪᠠᠶᠢᠨ᠎ᠠ᠂ ᠭᠡᠬᠦ ᠮᠥᠷᠲᠡᠭᠡᠨ | ᠴᠢᠳᠠᠪᠤᠷᠢ ᠪᠠᠨ ᠠᠯᠳᠠᠭᠰᠠᠨ ᠨᠠᠰᠤᠲᠠᠨ 63 ᠲᠦᠮᠡ᠂ ᠵᠡᠮᠳᠡᠭᠴᠦᠳ 158 ᠲᠦᠮᠡ᠂ 3 ᠨᠠᠰᠦᠨ ᠠᠴᠠ ᠳᠣᠷᠣᠭᠰᠢᠬᠢ ᠨᠢᠯᠬ᠎ᠠ ᠨᠢᠷᠠᠢ ᠬᠡᠦᠬᠡᠳ 40 ᠲᠦᠮᠡ | ᠪᠠᠶᠢᠵᠤ᠂ ᠨᠠᠰᠤᠵᠢᠯ ᠤᠨ ᠠᠰᠠᠷᠠᠮᠵᠢ᠂ ᠬᠡᠦᠬᠡᠳ ᠪᠤᠶᠢᠵᠢᠭᠤᠯᠬᠤ᠂ ᠬᠠᠷᠠᠭᠠᠯᠵᠠᠨ ᠠᠰᠠᠷᠠᠬᠤ᠂ ᠭᠡᠷ ᠠᠬᠤᠢ ᠵᠡᠷᠭᠡ ᠶᠢᠨ ᠦᠢᠯᠡᠴᠢᠯᠡᠭᠡ ᠪᠣᠯ ᠬᠡᠷᠡᠭᠴᠡᠭᠡ | ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠶᠢᠨ ᠠᠰᠠᠭᠤᠳᠠᠯ ᠨᠢ ᠴᠢᠨᠠᠷ ᠰᠠᠶᠢᠲᠠᠢ ᠬᠠᠩᠭᠠᠯᠭ᠎ᠠ ᠬᠦᠷᠦᠯᠴᠡᠬᠦ ᠦᠭᠡᠢ᠂ ︽ᠰᠠᠶᠢᠨ ᠠᠨᠢᠶ᠎ᠠ︾᠂ ︽ᠰᠠᠶᠢᠨ ᠰᠤᠪᠢᠯᠠᠭᠴᠢ︾ | ᠠᠮᠠᠷᠬᠠᠨ ᠣᠯᠳᠠᠬᠤ ᠦᠭᠡᠢ᠂ ᠬᠡᠷᠡᠭᠯᠡᠵᠦ ᠬᠦᠴᠦᠷᠡᠬᠦ ᠦᠭᠡᠢ᠂ ᠦᠯᠡᠳᠡᠭᠡᠵᠦ ᠳᠡᠶᠢᠯᠬᠦ ᠦᠭᠡᠢ ᠪᠠᠶᠢᠵᠤ᠂ ᠪᠠᠲᠤᠯᠠᠭ᠎ᠠ ᠲᠠᠢ ᠪᠥᠭᠡᠳ ᠴᠢᠨᠠᠷ ᠴᠢᠨᠰᠠᠭ᠎ᠠ ᠲᠠᠢ ᠲᠤᠰᠬᠠᠢ | ᠮᠡᠷᠭᠡᠵᠢᠯ ᠤᠨ ᠪᠠᠶᠢᠭᠤᠯᠤᠮᠵᠢ ᠴᠤ ᠴᠥᠭᠡᠨ ᠪᠠᠶᠢᠨ᠎ᠠ᠃ ᠨᠠᠰᠤᠲᠠᠨ ᠢ ᠠᠰᠠᠷᠠᠬᠤ ᠪᠠ ᠨᠠᠶᠢᠳᠠᠵᠤ ᠰᠠᠭᠠᠲᠠᠭᠤᠯᠬᠤ᠂ ᠭᠡᠷ ᠠᠬᠤᠢ ᠶᠢᠨ ᠦᠢᠯᠡᠴᠢᠯᠡᠭᠡ ᠵᠡᠷᠭᠡ ᠬᠦᠷᠢᠶ᠎ᠡ | ᠴᠠᠷᠠᠭᠠᠨ ᠤ ᠲᠣᠭᠤᠷᠢᠨ ᠳᠤ᠂ ᠶᠡᠭᠡ ᠬᠡᠪᠴᠢᠶᠡᠨ ᠤ ᠬᠠᠨᠳᠤᠯᠭᠠᠲᠤ ᠴᠢᠨᠠᠷ ᠢᠶᠠᠷ ᠴᠢᠩᠭ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠮᠡᠷᠭᠡᠰᠢᠯ ᠤᠨ | ᠪᠣᠯᠪᠠᠰᠤᠷᠠᠯ ᠢ ᠥᠷᠨᠢᠭᠦᠯᠵᠦ᠂ ᠨᠢᠭᠡ ᠪᠦᠯᠦᠭ ᠢᠲᠡᠭᠡᠮᠵᠢᠲᠡᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠪᠠ ᠳᠠᠭᠤᠷᠢᠰᠬᠠᠯ ᠲᠠᠢ ᠦᠢᠯᠡᠴᠢᠯᠡᠭᠡᠨ ᠤ ᠨᠡᠷᠡᠲᠦ ᠲᠡᠮᠳᠡᠭ ᠢ | ᠴᠣᠭᠴᠠᠯᠠᠨ᠎ᠠ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ᠂ ᠨᠠᠰᠤᠲᠠᠶᠢᠴᠤᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ᠂ | ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ᠂ ᠡᠮᠴᠢᠯᠡᠭᠡ ᠪᠠ ᠰᠤᠪᠢᠯᠠᠯᠲᠠ ᠶᠢᠨ ᠤᠶᠠᠯᠳᠤᠯ ᠵᠡᠷᠭᠡ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ᠂ | ᠨᠠᠰᠤᠲᠠᠶᠢᠴᠤᠳ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠬᠡᠦᠬᠡᠳ ᠤᠨ ᠬᠡᠷᠡᠭᠯᠡᠭᠡ ᠶᠡᠷᠦ ᠠᠴᠠ ︽ᠨᠢᠭᠡ ᠯᠡ ᠬᠥᠮᠥᠨ ᠪᠦᠬᠦ ᠭᠡᠷ ᠤᠨ | ᠬᠡᠷᠡᠭᠯᠡᠭᠡ ᠶᠢ ᠳᠠᠶᠢᠴᠢᠯᠠᠬᠤ︾ ᠶᠤᠮ᠂ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ᠂ ᠡᠴᠢᠭᠡ ᠡᠬᠡ ᠦᠷ᠎ᠡ ᠬᠡᠦᠬᠡᠳ ᠤᠨ ᠦᠢᠯᠡᠴᠢᠯᠡᠭᠡ᠂ ᠭᠤᠣᠯ | ᠰᠡᠳᠦᠪᠲᠦ ᠨᠠᠭᠠᠳᠤᠮ ᠲᠣᠭᠯᠠᠭᠠᠮ ᠵᠡᠷᠭᠡ ᠬᠡᠷᠡᠭᠯᠡᠭᠡ ᠶᠢᠨ ᠬᠠᠨᠳᠤᠰᠢ ᠳᠤ ᠨᠡᠶᠢᠴᠡᠭᠦᠯᠦᠨ᠂ ᠡᠵᠡᠩᠨᠡᠯᠲᠡ ᠶᠢᠨ ᠠᠬᠤᠢ ᠪᠠᠶᠢᠳᠠᠯ ᠳᠤ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ | ᠤᠯᠤᠰ ᠤᠨ ᠳᠣᠲᠣᠭᠠᠳᠤ ᠶᠢᠨ ᠶᠡᠭᠡ ᠣᠷᠴᠢᠯ ᠠᠴᠠ ᠪᠣᠢ ᠪᠣᠯᠤᠭᠰᠠᠨ ᠠᠵᠠ ᠳᠣᠬᠢᠶᠠᠯ ᠢ ᠴᠢᠩᠭ᠎ᠠ ᠠᠳᠬᠤᠨ᠎ᠠ᠃ ᠥᠪᠥᠷ ᠮᠣᠩᠭᠤᠯ ᠳᠤ ᠬᠥᠮᠥᠨ ᠠᠮᠠ | ᠬᠠᠷᠢᠴᠠᠩᠭᠤᠢ ᠴᠥᠭᠡᠨ᠂ ᠬᠡᠷᠡᠭᠯᠡᠭᠡ ᠶᠢᠨ ᠴᠢᠳᠠᠪᠤᠷᠢ ᠬᠢᠵᠠᠭᠠᠷ ᠲᠠᠢ ᠪᠣᠯᠬᠤᠷ᠂ ᠬᠡᠷᠡᠭᠯᠡᠭᠡ ᠶᠢ ᠠᠳᠬᠤᠬᠤ ᠳᠤ ᠪᠠᠨ ᠣᠷᠣᠨ ᠤ ᠳᠣᠲᠣᠭᠠᠳᠤ ᠳᠤ ᠪᠠᠨ | ᠠᠩᠬᠠᠷᠤᠯ ᠢᠶᠠᠨ ᠬᠠᠨᠳᠤᠭᠤᠯᠬᠤ ᠪᠠᠷ ᠦᠯᠦ ᠪᠠᠷᠠᠨ᠂ ᠣᠷᠣᠨ ᠤ ᠭᠠᠳᠠᠨᠠᠬᠢ ᠶᠢ ᠴᠦ ᠠᠩᠬᠠᠷᠬᠤ ᠬᠡᠷᠡᠭᠲᠡᠢ᠃ ᠮᠠᠨ ᠤ ᠣᠷᠣᠨ ᠤ 1100 ᠢᠯᠡᠭᠦᠦ ᠵᠦᠢᠯ ᠤᠨ ︽ | ᠥᠪᠥᠷ ᠮᠣᠩᠭᠤᠯ︾ ᠨᠡᠷᠡᠮᠵᠢᠲᠦ ᠰᠠᠶᠢᠨ ᠪᠦᠲᠦᠭᠡᠭᠳᠡᠬᠦᠨ ᠪᠦᠬᠦ ᠤᠯᠤᠰ ᠲᠤ ᠵᠠᠬ᠎ᠠ ᠳᠡᠯᠭᠡᠭᠦᠷ ᠲᠠᠢ ᠪᠥᠭᠡᠳ ᠬᠡᠷᠡᠭᠴᠡᠭᠡ ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠨᠢ | ᠣᠳᠣ ᠦᠶ᠎ᠡ ᠶᠢᠨ ᠬᠡᠷᠡᠭᠯᠡᠭᠡ ᠶᠢᠨ ᠰᠢᠨ᠎ᠡ ᠬᠠᠨᠳᠤᠰᠢ ᠳᠤ ᠵᠣᠬᠢᠴᠠᠭᠤᠯᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠣᠬᠤᠷ ᠸᠢᠳᠢᠤ᠋ ᠪᠠᠷ ᠡᠵᠡᠩᠨᠡᠨ | ᠪᠣᠷᠣᠯᠠᠭᠤᠯᠬᠤ᠂ ᠠᠩᠬ᠎ᠠ ᠲᠠᠷᠬᠠᠭᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ ᠬᠡᠪ ᠵᠠᠭᠪᠤᠷ ᠢ ᠰᠠᠶᠢᠲᠤᠷ ᠬᠡᠷᠡᠭᠯᠡᠵᠦ᠂ ᠮᠠᠨ ᠤ ᠣᠷᠣᠨ ᠤ ᠪᠣᠬᠢᠷᠳᠤᠯ ᠦᠭᠡᠢ | ᠪᠥᠭᠡᠳ ᠣᠨᠴᠠᠯᠢᠭ ᠲᠠᠢ ᠴᠢᠨᠠᠷ ᠰᠠᠶᠢᠲᠠᠢ ᠪᠦᠲᠦᠭᠡᠭᠳᠡᠬᠦᠨ ᠢᠶᠠᠨ ᠪᠦᠬᠦ ᠤᠯᠤᠰ ᠲᠤ ᠭᠠᠷᠭᠠᠨ ᠪᠣᠷᠣᠯᠠᠭᠤᠯᠬᠤ ᠶᠠᠪᠤᠳᠠᠯ ᠪᠣᠯᠣᠨ᠎ᠠ᠃ ᠮᠠᠨ ᠤ ᠣᠷᠣᠨ ᠤ ᠵᠢᠯ ᠪᠦᠷᠢ | ᠬᠦᠯᠢᠶᠡᠨ ᠠᠪᠬᠤ ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ ᠳᠤ ᠬᠦᠷᠴᠦ᠂ ᠡᠨᠡ ᠬᠦ ᠡᠭᠦᠳᠡᠨ ᠳᠤ ᠰᠠᠭᠠᠲᠠᠭᠰᠠᠨ ᠬᠡᠷᠡᠭᠯᠡᠭᠡ ᠳᠤ ᠪᠠᠰᠠ ᠮᠠᠰᠢ | ᠶᠡᠭᠡ ᠳᠠᠯᠳᠠ ᠬᠦᠴᠦᠨ ᠨᠢᠭᠤᠭᠳᠠᠵᠤ ᠪᠠᠶᠢᠬᠤ ᠪᠣᠯᠬᠤᠷ ︽ᠥᠪᠥᠷ ᠮᠣᠩᠭᠤᠯ ᠤᠨ ᠦᠨᠦᠷ ᠠᠮᠲᠠ︾ ᠲᠠᠢ ᠬᠤᠪᠴᠠᠰᠤ ᠬᠤᠨᠠᠷ ᠵᠠᠰᠠᠯ ᠴᠢᠮᠡᠭᠯᠡᠯ᠂ ᠭᠠᠷ ᠤᠷᠠᠯᠠᠯ ᠤᠨ | ᠪᠦᠲᠦᠭᠡᠯ᠂ ᠰᠣᠶᠣᠯ ᠤᠨ ᠪᠦᠲᠦᠭᠡᠯᠴᠢ ᠲᠠᠸᠠᠷ᠂ ᠪᠣᠬᠢᠷᠳᠤᠯ ᠦᠭᠡᠢ ᠠᠮᠲᠠᠲᠤ ᠢᠳᠡᠭᠡᠨ ᠢ ᠨᠡᠩ ᠣᠯᠠᠨ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠪᠦᠷᠢ ᠶᠢ | ᠥᠪᠡᠷ ᠤᠨ ᠢᠶᠠᠨ ᠲᠠᠭᠠᠰᠢᠶᠠᠭᠰᠠᠨ ᠨᠢᠭᠡᠨ ᠬᠤᠪᠢ ︽ᠭᠠᠷ ᠪᠡᠯᠡᠭ︾ ᠲᠠᠢ ᠪᠤᠴᠠᠭᠠᠬᠤ ᠪᠣᠯᠭᠠᠨ᠎ᠠ᠃ ᠡᠯ᠎ᠡ ᠭᠠᠵᠠᠷ ᠣᠷᠣᠨ ᠨᠢ ᠴᠥᠮ ᠬᠦᠴᠦ ᠵᠠᠷᠤᠴᠠᠭᠤᠯᠵᠤ | ᠪᠠᠶᠢᠭᠠᠳ ᠡᠷᠬᠢᠨ ᠲᠣᠭᠤᠷᠢᠨ ᠤ ᠭᠠᠵᠠᠷ ᠣᠷᠣᠨ ᠤ ᠨᠡᠩ ᠣᠯᠠᠨ ᠬᠥᠮᠥᠰ ᠢ ᠲᠠᠲᠠᠨ ᠠᠪᠴᠢᠷᠠᠵᠤ ᠮᠠᠨ ᠤ ᠣᠷᠣᠨ ᠳᠤ ᠲᠣᠭᠤᠷᠢᠨ ᠵᠤᠭᠠᠴᠠᠭᠤᠯᠵᠤ ᠬᠡᠷᠡᠭᠯᠡᠭᠡ ᠳᠤ | ᠣᠷᠣᠯᠴᠠᠭᠤᠯᠤᠨ᠂ ᠮᠠᠨ ᠤ ᠦᠢᠯᠡᠴᠢᠯᠡᠭᠡ ᠶᠢ ᠬᠦᠷᠲᠡᠭᠡᠨ᠂ ᠮᠠᠨ ᠤ ᠦᠢᠯᠡᠳᠬᠦᠨ ᠢ ᠬᠤᠳᠠᠯᠳᠤᠨ ᠠᠪᠤᠭᠤᠯᠵᠤ᠂ ᠵᠤᠭᠠᠴᠠᠨ ᠺᠠᠷᠳ᠋ᠯᠠᠭᠤᠯᠬᠤ ᠮᠥᠷᠲᠡᠭᠡᠨ ᠺᠠᠷᠲ | ᠵᠤᠷᠠᠭᠤᠯᠣᠨᠠ᠃ ᠦᠵᠡᠭᠦᠯᠭᠡ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠦᠵᠡᠭᠦᠯᠭᠡ ᠪᠠᠷ ᠪᠣᠷᠤᠯᠠᠭᠤᠯᠭ᠎ᠠ ᠶᠢ ᠠᠬᠢᠭᠤᠯᠬᠤ᠂ ᠦᠵᠡᠭᠦᠯᠭᠡ ᠪᠠᠷ | ᠬᠤᠳᠠᠯᠳᠤᠭ᠎ᠠ ᠶᠢ ᠠᠬᠢᠭᠤᠯᠬᠤ᠂ ᠠᠵᠤ ᠦᠢᠯᠡᠰ ᠪᠠ ᠦᠵᠡᠭᠦᠯᠭᠡ ᠶᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠬᠡᠷᠡᠭᠯᠡᠭᠡ ᠶᠢ ᠨᠡᠩ ᠰᠠᠶᠢᠲᠤᠷ ᠲᠠᠶᠢᠴᠢᠯᠠᠨ᠂ | ᠠᠵᠤ ᠦᠢᠯᠡᠰ ᠢ ᠨᠡᠩ ᠰᠠᠶᠢᠲᠤᠷ ᠪᠥᠭᠡᠮᠨᠡᠷᠡᠭᠦᠯᠦᠨᠡ᠃ |