2025·ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 6
ᠨᠡᠶᠢᠲᠡᠯᠡᠭᠰᠡᠨ ᠴᠠᠭ᠄
2025/1/24
       ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠵᠤ ᠬᠥᠭᠵᠢᠭᠦᠯᠦᠨ᠎ᠡ᠃ ᠰᠢᠨ᠎ᠡ ᠶᠢ ᠡᠭᠦᠳᠬᠦ ᠦᠭᠡᠢ ᠪᠣᠯ ᠭᠠᠷᠬᠤ ᠵᠠᠮ ᠦᠭᠡᠢ᠂ ᠨᠡᠩ ᠴᠦ ᠢᠷᠡᠭᠡᠳᠦᠢ ᠦᠭᠡᠢ ᠶᠤᠮ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ᠃        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠥᠬᠦᠷᠡᠰᠢ ᠦᠭᠡᠢ ᠤᠳᠠᠭᠠᠨ ᠳᠠᠭᠠᠭᠠᠮᠠᠭᠠᠢ ᠪᠠᠷ ᠠᠵᠢᠯᠯᠠᠬᠤ ᠶᠢ ᠡᠷᠬᠢᠮᠯᠡᠨ᠎ᠡ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠪᠠᠨ ᠨᠡᠮᠡᠭᠳᠡᠭᠦᠯᠦᠨ᠂ 20% ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠᠨ ᠴᠢᠩᠭᠠᠳᠬᠠᠬᠤ᠂ ᠵᠠᠷᠤᠳᠠᠯ ᠤᠨ ᠣᠷᠤᠭᠤᠯᠤᠯᠲᠠ ᠪᠠᠨ ᠨᠡᠮᠡᠭᠳᠡᠭᠦᠯᠬᠦ ᠶᠢ ᠳᠠᠶᠢᠴᠢᠯᠠᠨ ᠳᠠᠭᠠᠭᠤᠯᠤᠨ᠎ᠠ᠃ ᠴᠡᠭ ᠪᠠᠶᠢᠷᠢᠯᠠᠯ ᠤᠨ ᠲᠣᠭᠤᠷᠢᠨ ᠳᠤ ︽ᠪᠦᠰᠡᠯᠡᠯᠲᠡ ᠰᠢᠪᠲᠤᠯᠬᠤ︾ ᠶᠢ ᠠᠳᠬᠤᠨ᠎ᠠ᠂ ᠨᠢᠳᠤᠨᠤᠨ ᠤ ᠪᠠᠶᠢᠷᠢᠰᠢᠭᠤᠯᠤᠭᠰᠠᠨ 5 ᠴᠡᠭ ᠪᠠᠶᠢᠷᠢᠯᠠᠯ ᠤᠨ ᠰᠠᠭᠤᠷᠢᠨ ᠳᠡᠭᠡᠷ᠎ᠡ᠂ ᠡᠨᠡ ᠵᠢᠯ ᠵᠣᠬᠢᠶᠠᠮᠠᠯ ᠤᠶᠤᠨ +᠂ ᠳᠣᠣᠷ᠎ᠠ ᠠᠭᠠᠷ ᠤᠨ ᠠᠵᠤ ᠠᠬᠤᠢ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶ᠎ᠡ ᠴᠠᠷᠠᠭᠠᠨ ᠳᠤ ᠪᠠᠰᠠ ᠨᠢᠭᠡ ᠪᠦᠯᠦᠭ ᠰᠢᠨ᠎ᠡ ᠴᠡᠭ ᠪᠠᠶᠢᠷᠢᠯᠠᠯ ᠢ ᠡᠬᠢᠯᠡᠭᠦᠯᠵᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠯᠠᠬᠤ ᠮᠡᠷᠭᠡᠵᠢᠯ ᠳᠤ ᠲᠦᠷᠭᠡᠬᠡᠨ ᠰᠢᠪᠲᠤᠯᠤᠯᠲᠠ ᠭᠠᠷᠭᠠᠵᠤ᠂ ︽ᠡᠬᠢᠯᠡᠵᠦ ᠭᠦᠶᠦᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠵᠤ ᠦᠢᠯᠡᠰ ᠤᠨ ᠳᠤᠲᠠᠭᠤᠳᠠᠯ ᠤᠨ ᠲᠣᠭᠤᠷᠢᠨ ᠳᠤ ᠰᠢᠨ᠎ᠡ ᠶᠢ ᠡᠭᠦᠳᠬᠦ ᠶᠢ ᠠᠳᠬᠤᠨ᠎ᠠ᠂ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠬᠦᠯᠢᠶᠡᠰᠦᠯᠡᠯ ᠪᠣᠯ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ ᠮᠥᠨ᠃ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠬᠡᠯᠬᠢᠶᠡᠨ ᠤ ᠲᠦᠭᠵᠢᠷᠡᠯ ᠲᠠᠰᠤᠷᠬᠠᠢ ᠴᠡᠭ ᠢ ᠨᠠᠪᠲᠠᠷᠡᠭᠦᠯᠵᠦ᠂ ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ ᠲᠦᠷᠭᠡᠳᠬᠡᠨ ᠵᠣᠬᠢᠶᠠᠨ ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠶᠢᠯᠠᠯ᠂ ︽ᠪᠢᠴᠢᠬᠠᠨ ᠠᠪᠤᠷᠭᠤ︾ ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ ᠢ ᠱᠠᠲᠤᠯᠠᠨ ᠬᠥᠮᠥᠵᠢᠭᠦᠯᠬᠦ ᠲᠣᠭᠲᠠᠯᠴᠠᠭ᠎ᠠ ᠪᠠᠨ ᠪᠦᠷᠢᠨᠰᠢᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠭᠦᠢᠴᠡᠳ ᠰᠠᠶᠢᠲᠤᠷ ᠠᠰᠢᠭᠯᠠᠨ᠎ᠠ᠂ ︽ᠤᠯᠤᠰ ᠤᠨ ᠠᠩᠭᠢ︾ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ᠂ ᠬᠦᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠣᠷᠣᠨ᠂ ᠡᠪᠡᠰᠦᠨ ᠤ ᠦᠢᠯᠡᠰ ᠤᠨ ᠮᠡᠷᠭᠡᠵᠢᠯ ᠤᠨ ᠤᠯᠤᠰ ᠤᠨ ᠰᠢᠨ᠎ᠡ ᠶᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠦᠨ᠎ᠡ︔ ︽ᠣᠷᠣᠨ ᠨᠤᠲᠤᠭ ᠤᠨ ᠠᠩᠭᠢ︾ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ᠂ ᠣᠷᠳᠣᠰ ᠤᠨ ᠲᠤᠷᠰᠢᠯᠲᠠ ᠶᠢᠨ ᠲᠠᠰᠤᠭ ᠢ ᠰᠠᠶᠢᠲᠤᠷ ᠪᠦᠲᠦᠭᠡᠨ ᠪᠠᠶᠢᠭᠤᠯᠤᠨ᠂ ᠪᠤᠭᠤᠲᠤ ᠬᠤᠲᠠ ᠶᠢᠨ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ᠂ ᠣᠨᠴᠠᠭᠠᠶᠢᠯᠠᠨ ︽ᠮᠧᠩ ᠺᠧ ᠵᠢᠦᠢ︾ ᠶᠡᠷᠦᠩᠬᠡᠢ ᠲᠠᠪᠴᠠᠩ ᠶᠡᠷᠦᠩᠬᠡᠢ ᠬᠦᠢᠰᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ ᠶᠢ ᠵᠠᠭᠤᠨ ᠳ᠋ᠦᠩᠰᠢᠭᠤᠷ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠬᠥᠭᠵᠢᠭᠰᠡᠨ ᠮᠤᠵᠢ ᠣᠷᠣᠨ ᠤ ᠰᠤᠳᠤᠯᠤᠨ ᠨᠡᠭᠡᠭᠡᠬᠦ ᠴᠢᠳᠠᠪᠤᠷᠢ ᠴᠢᠩᠭ᠎ᠠ᠂ ᠭᠡᠪᠡᠴᠦ ᠮᠠᠨ ᠤ ᠣᠷᠣᠨ ᠤ ᠬᠡᠷᠡᠭᠯᠡᠯᠲᠡ ᠶᠢᠨ ᠠᠬᠤᠢ ᠪᠠᠶᠢᠳᠠᠯ ᠣᠯᠠᠨ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠪᠠᠶᠢᠷᠢᠯᠠᠭᠤᠯᠪᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠬᠠᠮᠲᠤᠷᠠᠯᠴᠠᠭ᠎ᠠ ᠶᠢ ᠴᠢᠬᠤᠯᠠ ᠠᠭᠤᠯᠭ᠎ᠠ ᠪᠠᠨ ᠪᠣᠯᠭᠠᠵᠣ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠶᠢᠵᠢᠭᠤᠯᠤᠨ᠂ ᠨᠡᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠪᠠᠨ ᠤᠯᠠᠷᠢᠭᠤᠯᠤᠨ ᠬᠡᠷᠡᠭᠯᠡᠭᠦᠯᠦᠨ᠎ᠡ᠃       ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠨᠳᠦᠰᠦ ᠰᠠᠭᠤᠷᠢ ᠪᠣᠯᠣᠨ᠎ᠠ᠃ ︽ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢᠶᠠᠷ ᠶᠡᠷᠦᠩᠬᠡᠢ ᠵᠢᠯᠣᠭᠤᠳᠤᠮᠵᠢ ᠪᠣᠯᠭᠠᠵᠤ᠂ ᠮᠠᠨ ᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠰᠡᠳᠬᠢᠯ ᠲᠠᠯᠪᠢᠨ ᠤᠷᠢᠵᠤ᠂ ᠴᠢᠳᠠᠪᠤᠷᠢᠲᠠᠨ ᠢ ᠦᠨᠡᠨᠴᠢ ᠪᠠᠷ ᠦᠯᠡᠳᠡᠭᠡᠵᠦ᠂ ᠴᠢᠳᠠᠪᠤᠷᠢᠲᠠᠨ ᠢ ᠨᠠᠨᠳᠢᠩᠨᠠᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠵᠠᠷᠤᠳᠠᠯ ᠤᠨ ᠳᠡᠮᠵᠢᠯᠭᠡ ᠦᠵᠡᠭᠦᠯᠬᠦ᠂ ᠴᠢᠳᠠᠪᠤᠷᠢᠲᠠᠨ ᠤᠷᠢᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ᠂ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠬᠤ᠂ ᠬᠥᠯᠥᠰᠦ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠬᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠳᠤ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠪᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ᠃ ᠰᠤᠷᠭᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠶᠢᠨ ᠦᠨᠳᠦᠰᠦᠨ ᠠᠷᠭ᠎ᠠ ᠵᠠᠮ ᠪᠣᠯᠣᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠨᠢ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠰᠦ ᠰᠠᠭᠠᠯᠢ ᠶᠢᠨ ᠦᠢᠯᠡᠰ᠂ ᠬᠤᠪᠣᠷ ᠰᠢᠷᠣᠢ᠂ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠳᠡᠭᠡᠳᠦ ᠵᠡᠷᠭᠡ ᠶᠢᠨ ᠰᠤᠳᠤᠯᠤᠯ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠲᠠᠢ ᠵᠣᠬᠢᠴᠠᠯᠳᠤᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠲᠠᠢ ᠵᠣᠯᠭᠠᠭᠤᠯᠤᠨ᠂ ᠬᠤᠲᠠ ᠶᠢᠨ ᠬᠡᠪᠴᠢᠶᠡᠨ ᠤ ᠠᠵᠤ ᠦᠢᠯᠡᠰ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠦᠷᠦᠯ ᠤᠨ ᠠᠵᠤ ᠦᠢᠯᠡᠰ ᠰᠤᠷᠭᠠᠨ ᠬᠥᠮᠦᠵᠢᠯ ᠠᠭᠤᠰᠤᠯᠴᠠᠭᠰᠠᠨ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢᠶᠠᠨ ᠨᠡᠶᠢᠳᠬᠡᠨ ᠠᠵᠢᠯ ᠮᠡᠷᠭᠡᠵᠢᠯ ᠤᠨ ᠦᠨᠳᠦᠰᠦᠨ ᠠᠩᠭᠢ ᠪᠠᠶᠢᠭᠤᠯᠬᠤ ᠶᠢ ᠳᠡᠮᠵᠢᠨ᠎ᠡ᠃       ︵ᠳᠥᠷᠪᠡ︶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠠᠭᠤᠳᠠᠮ ᠬᠥᠮᠥᠨ ᠴᠥᠭᠡᠨ᠂ ᠦᠢᠯᠡᠳᠪᠦᠷᠢᠯᠡᠯ ᠤᠨ ᠬᠦᠴᠦᠨ ᠵᠦᠢᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ᠂ ᠠᠵᠤ ᠦᠢᠯᠡᠰ ᠢ ᠬᠥᠭᠵᠢᠭᠦᠯᠬᠦ ᠳᠤ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠲᠠᠯᠠᠵᠤ᠂ ᠣᠷᠣᠨ ᠳᠠᠶᠠᠭᠠᠷ ︽ᠨᠢᠭᠡ ᠬᠥᠯᠭᠡ ᠰᠢᠲᠠᠷ᠎ᠠ ᠰᠢᠭ᠋︾ ᠪᠠᠶᠢᠬᠤ ᠶᠢ ᠡᠷᠬᠡᠪᠰᠢ ᠪᠠᠷᠢᠮᠲᠠᠯᠠᠵᠤ᠂ ᠵᠠᠭᠤᠨ ᠳ᠋ᠦᠩᠰᠢᠭᠤᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠨᠡᠶᠢᠳᠬᠡᠨ ᠪᠠᠶᠢᠭᠤᠯᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠰᠡᠳᠬᠢᠯ ᠲᠠᠯᠪᠢᠨ ᠴᠣᠭᠴᠠᠯᠠᠵᠤ᠂ ᠥᠨᠳᠥᠷ ᠲᠦᠪᠰᠢᠨᠳᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠪᠯᠡᠷᠡᠵᠦ ᠪᠥᠭᠡᠮᠨᠡᠷᠡᠨ ᠡᠷᠴᠢᠮᠵᠢᠵᠦ ᠬᠥᠭᠵᠢᠬᠦ ᠶᠢ ᠠᠬᠢᠭᠤᠯᠤᠨ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠪᠢᠯᠬᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃       ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠭ᠎ᠠ ᠠᠵᠤ ᠦᠢᠯᠡᠰ ᠤᠨ ᠲᠦᠷᠦᠭᠦᠯᠡᠬᠦ ᠪᠠᠶᠢᠷᠢ ᠶᠢ ᠨᠢ ᠪᠠᠲᠤᠯᠠᠵᠤ᠂ ᠰᠢᠨ᠎ᠡ ᠥᠨᠳᠦᠷᠯᠢᠭ ᠢ ᠵᠠᠪᠳᠤᠨ ᠡᠵᠡᠯᠡᠬᠦ ᠶᠢ ᠠᠬᠢᠭᠤᠯᠤᠨ᠎ᠠ᠃ ᠮᠠᠨ ᠤ ᠣᠷᠣᠨ ᠤ ᠰᠦ ᠰᠠᠭᠠᠯᠢ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠨᠢ ᠨᠢᠭᠡᠨᠲᠡ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ᠂ ᠣᠳᠣ ᠳᠡᠯᠡᠬᠡᠢ ᠶᠢᠨ ᠳᠡᠰ ᠲᠤ ᠳᠠᠪᠰᠢᠨ ᠣᠷᠣᠬᠤ ᠪᠠᠷ ᠲᠦᠷᠭᠡᠨ ᠤᠷᠤᠭᠰᠢᠯᠠᠬᠤ ᠬᠡᠷᠡᠭᠲᠡᠢ᠃ ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠳᠡᠯᠡᠬᠡᠢ ᠳᠠᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠢᠯᠢ᠂ ᠮᠧᠩ ᠨᠢᠦ ᠬᠤᠶᠠᠷ ᠲᠣᠮᠣ ᠰᠦ ᠰᠠᠭᠠᠯᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠳᠡᠯᠡᠬᠡᠶᠢᠵᠢᠭᠦᠯᠬᠦ ᠪᠠᠶᠢᠯᠳᠤᠬᠤ ᠪᠣᠳᠣᠯᠭ᠎ᠠ ᠶᠢ ᠨᠢ ᠠᠬᠢᠭᠤᠯᠵᠤ᠂ ᠣᠨᠴᠠᠭᠠᠶᠢᠯᠠᠨ ᠪᠦᠲᠦᠭᠡᠭᠳᠡᠬᠦᠨ ᠤ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠪᠢᠰᠢᠯᠠᠭ᠂ ᠰᠢᠷᠠᠰᠤ᠂ ᠰᠦᠨ ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ᠂ ᠰᠦᠨ ᠲᠠᠯᠬ᠎ᠠ᠂ ᠲᠠᠷᠠᠭ᠂ ᠮᠥᠰᠥᠮᠡᠭ ᠤᠨ ᠵᠠᠬ᠎ᠠ ᠳᠡᠯᠭᠡᠭᠦᠷ ᠤᠨ ᠬᠤᠪᠢᠳᠠᠴᠠ ᠶᠢ ᠥᠷᠭᠡᠳᠬᠡᠨ᠂ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠤᠪᠣᠷ ᠰᠢᠷᠣᠢ ᠶᠢᠨ ᠲᠠᠯ᠎ᠠ ᠪᠠᠷ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠣᠨᠢᠯᠠᠨ᠂ ︽ᠠᠭᠤᠷᠬᠠᠢ ᠠᠴᠠ ᠬᠤᠪᠣᠷ ᠰᠢᠷᠣᠢ ᠢᠯᠡᠷᠡᠭᠦᠯᠬᠦ︾᠂ ︽ᠬᠤᠪᠣᠷ ᠰᠢᠷᠣᠢ ᠠᠴᠠ ᠮᠠᠲ᠋ᠧᠷᠢᠶᠠᠯ ᠪᠣᠯᠭᠠᠬᠤ︾ ︽ᠮᠠᠲ᠋ᠧᠷᠢᠶᠠᠯ ᠢ ᠬᠡᠷᠡᠭᠯᠡᠯᠲᠡ ᠳᠤ ᠣᠷᠣᠭᠤᠯᠬᠤ︾ ᠠᠵᠢᠯ ᠢ ᠰᠠᠶᠢᠲᠤᠷ ᠬᠢᠵᠦ᠂ ᠪᠦᠬᠦ ᠬᠡᠯᠬᠢᠶᠡᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠂ ︽ᠬᠤᠪᠣᠷ ᠰᠢᠷᠣᠢ +︾ ᠠᠵᠤ ᠦᠢᠯᠡᠰ ᠤᠨ ᠡᠪᠴᠡᠯᠳᠦᠨ ᠬᠥᠭᠵᠢᠬᠦ ᠣᠷᠣᠨ ᠵᠠᠢ ᠶᠢ ᠥᠷᠭᠡᠳᠬᠡᠵᠦ᠂ ᠪᠦᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1300 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠨᠡᠶᠢᠯᠡᠯᠭᠡ ᠮᠠᠲ᠋ᠧᠷᠢᠶᠠᠯ᠂ ᠲᠡᠷᠢᠭᠦᠨ ᠤ ᠨᠡᠭᠦᠷᠡᠰᠦᠳᠦ᠋ᠷᠦᠭᠴᠢ ᠮᠠᠲ᠋ᠧᠷᠢᠶᠠᠯ᠂ ᠵᠠᠳᠠᠷᠠᠬᠤᠶᠢᠴᠠ ᠮᠠᠲ᠋ᠧᠷᠢᠶᠠᠯ ᠵᠡᠷᠭᠡ ᠳᠡᠭᠡᠳᠦ ᠲᠡᠰᠵᠢᠭᠰᠡᠨ ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠶᠢᠨ ᠡᠪᠴᠡᠯᠳᠦᠨ ᠬᠥᠭᠵᠢᠬᠦ ᠶᠢ ᠠᠬᠢᠭᠤᠯᠵᠤ᠂ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ᠂ ᠤᠯᠤᠰ ᠤᠨ ᠡᠨᠧᠷᠬᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ᠂ ᠪᠤᠤ ᠹᠧᠩ ᠪᠦᠯᠦᠭᠯᠡᠯ ᠤᠨ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ᠂ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠭᠠᠷᠤᠢ ᠲᠥᠭᠦᠷᠢᠭ ᠲᠤ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠣᠷᠣᠨ ᠪᠣᠯ ᠤᠯᠤᠰ ᠤᠨ ᠨᠠᠢᠮᠠᠨ ᠶᠡᠭᠡ ᠪᠣᠳᠣᠬᠤ ᠴᠢᠳᠠᠪᠤᠷᠢ ᠶᠢᠨ ᠬᠦᠢᠰᠦ ᠵᠠᠩᠭᠢᠯᠠᠭ᠎ᠠ ᠶᠢᠨ ᠴᠡᠭ ᠪᠠ ᠠᠷᠪᠠᠨ ᠶᠡᠭᠡ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠨᠢᠭᠡ ᠨᠢ ᠪᠣᠯᠣᠨ᠎ᠠ᠂ ︽ᠤᠯᠤᠰ ᠤᠨ ᠳᠣᠲᠣᠭᠠᠳᠤ ᠳᠤ ᠲᠦᠷᠦᠭᠦᠯᠡᠬᠦ︾ ᠬᠠᠷᠠᠯᠲᠠ ᠳᠤ ᠴᠢᠭᠯᠡᠭᠦᠯᠦᠨ᠂ ᠤᠯᠤᠰ ᠤᠨ ᠪᠣᠳᠣᠬᠤ ᠴᠢᠳᠠᠪᠤᠷᠢ ᠬᠢᠭᠡᠳ ᠴᠠᠬᠢᠯᠭᠠᠨ ᠬᠦᠴᠦᠨ ᠤ ᠵᠣᠬᠢᠴᠠᠩᠭᠤᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠬᠡᠯᠬᠢᠶᠡᠨ ᠤ IT ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠳᠤᠮᠳᠠ ᠬᠡᠯᠬᠢᠶᠡᠨ ᠤ ᠪᠣᠳᠣᠬᠤ ᠴᠢᠳᠠᠪᠤᠷᠢ ᠶᠢᠨ ᠰᠦᠯᠵᠢᠶ᠎ᠡ ᠵᠢᠴᠢ ᠲᠠᠪᠴᠠᠩ᠂ ᠳᠣᠣᠷᠠᠳᠤ ᠬᠡᠯᠬᠢᠶᠡᠨ ᠤ ᠬᠡᠷᠡᠭᠯᠡᠯᠲᠡ ᠶᠢᠨ ᠠᠬᠤᠢ ᠪᠠᠶᠢᠳᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠲᠦᠷᠭᠡᠳᠬᠡᠨ᠂ ᠬᠤᠸᠠ ᠸᠧᠢ᠂ ᠾᠥᠸᠧ ᠱᠠᠨ ᠬᠥᠳᠡᠯᠭᠡᠭᠦᠷ᠂ ᠱᠢ ᠵᠢᠢ ᠬᠤ ᠯᠢᠶᠠᠨ᠂ ᠵᠦᠩ ᠶᠢᠨ ᠳ᠋ᠠᠶᠢᠲ᠋ᠠ ᠵᠡᠷᠭᠡ ᠣᠶᠤᠨᠴᠢ ᠪᠣᠳᠣᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠲᠤ ᠦᠢᠯᠡᠴᠢᠯᠡᠬᠦ ᠪᠣᠬᠢᠷᠳᠤᠯ ᠦᠭᠡᠢ ᠪᠣᠳᠣᠬᠤ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ᠂ ᠳ᠋ᠠᠶᠢᠲ᠋ᠠ ᠪᠣᠯᠪᠠᠰᠤᠷᠠᠭᠤᠯᠬᠤ ᠰᠠᠭᠤᠷᠢᠨ ᠭᠠᠵᠠᠷ᠂ ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠴᠣᠭᠴᠠᠯᠠᠨ᠂ ᠪᠣᠳᠣᠬᠤ ᠴᠢᠳᠠᠪᠤᠷᠢ ᠶᠢᠨ ᠬᠡᠪᠴᠢᠶᠡᠵᠢᠯ ᠢ 20 ᠲᠦᠮᠡᠨ P ᠠᠴᠠ ᠳᠠᠪᠠᠭᠤᠯᠵᠤ᠂ ᠣᠶᠤᠨᠴᠢ ᠪᠣᠳᠣᠬᠤ ᠴᠢᠳᠠᠪᠤᠷᠢ ᠶᠢᠨ ᠪᠦᠬᠦ ᠤᠯᠤᠰ ᠲᠤ ᠲᠦᠷᠦᠭᠦᠯᠡᠭᠰᠡᠨ ᠪᠠᠶᠢᠷᠢ ᠶᠢ ᠪᠠᠲᠤᠯᠠᠨ᠂ ᠰᠢᠨ᠎ᠡ ᠪᠠᠷ ᠪᠠᠶᠢᠭᠤᠯᠬᠤ ᠳ᠋ᠠᠶᠢᠲ᠋ᠠ ᠶᠢᠨ ᠲᠥᠪ ᠤᠨ ᠪᠣᠬᠢᠷᠳᠤᠯ ᠦᠭᠡᠢ ᠴᠠᠬᠢᠯᠭᠠᠨ ᠬᠦᠴᠦᠨ ᠤ ᠬᠠᠷᠢᠴᠠᠯ ᠢ 80% ᠠᠴᠠ ᠳᠣᠣᠷ᠎ᠠ ᠪᠠᠶᠢᠯᠭᠠᠬᠤ ᠦᠭᠡᠢ ᠪᠠᠷ ᠬᠦᠴᠦᠯᠡᠨ ᠴᠢᠷᠮᠠᠶᠢᠨ᠎ᠠ᠃ ᠠᠵᠤ ᠦᠢᠯᠡᠰ ᠤᠨ ᠳ᠋ᠢᠭᠢᠳ᠋ᠴᠢᠯᠠᠯᠳᠡ ᠶᠢ ᠶᠡᠭᠡ ᠪᠠᠷ ᠠᠬᠢᠭᠤᠯᠤᠨ᠂ ᠦᠢᠯᠡᠳᠬᠦ ᠦᠢᠯᠡᠰ ᠤᠨ ᠣᠶᠤᠨᠴᠢ ᠪᠠᠷ ᠥᠭᠡᠷᠡᠴᠢᠯᠡᠨ ᠰᠢᠨᠡᠳᠬᠡᠵᠦ ᠳ᠋ᠢᠬᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠳᠤ ᠳ᠋ᠢᠬᠢᠳ᠋ᠴᠢᠯᠡᠨ ᠥᠭᠡᠷᠡᠴᠢᠯᠡᠨ ᠰᠢᠨᠡᠳᠬᠡᠬᠦ ᠶᠢ ᠪᠦᠷᠢᠨ ᠪᠦᠷᠬᠦᠭᠦᠯᠬᠦ ᠪᠠᠨ ᠪᠡᠶᠡᠯᠡᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ