2025·ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 7
ᠨᠡᠶᠢᠲᠡᠯᠡᠭᠰᠡᠨ ᠴᠠᠭ᠄
2025/1/24
       ᠣᠨᠴᠠᠯᠢᠭ ᠲᠠᠢ᠂ ᠳᠠᠪᠠᠭᠤᠯᠢᠭ ᠠᠵᠤ ᠦᠢᠯᠡᠰ ᠤᠨ ᠲᠦᠷᠭᠡᠬᠡᠨ ᠪᠤᠵᠠᠭᠠᠶᠢᠷᠠᠵᠤ ᠬᠦᠴᠦᠷᠬᠡᠭᠵᠢᠬᠦ ᠶᠢ ᠠᠬᠢᠭᠤᠯᠵᠤ᠂ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ᠃ ᠰᠢᠨ᠎ᠡ ᠡᠨᠧᠷᠬᠢ ᠶᠢᠨ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠲᠤᠳᠬᠠᠨ᠎ᠠ᠃ ᠨᠢᠭᠡ ᠲᠠᠯ᠎ᠠ ᠪᠠᠷ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠦᠷᠬᠦ᠂ ᠬᠥᠪᠴᠢ ᠶᠢᠨ ᠡᠯᠡᠰᠦ ᠠᠴᠠ ᠱᠠᠩᠬᠠᠢ ᠬᠦᠷᠬᠦ᠂ ᠲᠡᠭᠷᠢ ᠡᠯᠡᠰᠦ ᠠᠴᠠ ᠵᠢᠶᠠᠩᠰᠢ ᠬᠦᠷᠬᠦ᠂ ᠤᠯᠠᠭᠠᠨᠪᠤᠬ᠎ᠠ ᠶᠢᠨ ᠡᠯᠡᠰᠦ ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠦᠨ᠂ ᠴᠠᠬᠢᠯᠭᠠᠨ ᠭᠠᠷᠭᠠᠬᠤ ᠬᠡᠮᠵᠢᠶ᠎ᠡ ᠶᠢ 3000 ᠳ᠋ᠦᠩᠰᠢᠭᠤᠷ ᠭᠷᠡᠳᠦ᠋ᠰ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠨᠦᠭᠦᠭᠡ ᠲᠠᠯ᠎ᠠ ᠪᠠᠷ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠤᠨ ᠬᠡᠷᠡᠭᠯᠡᠯᠲᠡ ᠶᠢ ᠶᠡᠭᠡ ᠪᠠᠷ ᠠᠬᠢᠭᠤᠯᠤᠨ᠂ ᠰᠢᠨ᠎ᠡ ᠡᠨᠧᠷᠬᠢ ᠶᠢᠨ ᠠᠰᠢᠭᠯᠠᠮᠵᠢ ᠶᠢ 90% ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠡᠭᠦᠨ ᠳᠤ ᠭᠤᠣᠯᠳᠠᠭᠤ ᠲᠠᠪᠤᠨ ᠠᠵᠢᠯ ᠶᠠᠪᠤᠳᠠᠯ ᠢ ᠰᠠᠶᠢᠲᠤᠷ ᠠᠳᠬᠤᠨ᠎ᠠ᠃ ᠨᠢᠭᠡ ᠨᠢ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢ ᠲᠦᠷᠭᠡᠳᠬᠡᠨ ᠬᠥᠭᠵᠢᠭᠦᠯᠦᠨ᠎ᠡ᠂ ᠠᠯᠠᠱᠠ ᠶᠢᠨ ᠰᠢᠨ ᠶᠤᠸᠠᠨ ᠵᠢᠩ ᠵᠡᠷᠭᠡ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢᠨ 35 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠰᠢᠨ᠎ᠡ ᠪᠠᠷ ᠠᠵᠢᠯ ᠡᠬᠢᠯᠡᠭᠦᠯᠦᠨ᠂ 600 ᠲᠦᠮᠡᠨ ᠺᠢᠯᠣᠸᠠᠲ ᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠬᠦᠴᠦᠯᠡᠨ ᠴᠢᠷᠮᠠᠶᠢᠨ᠎ᠠ᠃ ᠬᠤᠶᠠᠷ ᠨᠢ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠨ ᠨᠡᠮᠡᠭᠳᠡᠭᠦᠯᠦᠨ᠎ᠡ᠂ ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠳ ᠤᠨ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠵᠤ᠂ ᠪᠦᠬᠦ ᠤᠯᠤᠰ ᠤᠨ ᠬᠠᠮᠤᠭ ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠶᠢᠨ ᠳᠠᠭᠠᠭᠠᠴᠠᠳᠣ ᠠᠵᠤ ᠦᠢᠯᠡᠰ ᠤᠨ ᠪᠥᠭᠡᠮᠨᠡᠷᠡᠯ ᠤᠨ ᠣᠷᠣᠨ ᠢ ᠪᠦᠲᠦᠭᠡᠨ ᠪᠠᠶᠢᠭᠤᠯᠤᠨ᠎ᠠ᠃ ᠭᠤᠷᠪᠠ ᠨᠢ ᠪᠣᠬᠢᠷᠳᠤᠯ ᠦᠭᠡᠢ ᠴᠠᠬᠢᠯᠭᠠᠨ ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠤᠰᠤᠳᠦ᠋ᠷᠦᠭᠴᠢ ᠡᠨᠧᠷᠬᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠴᠣᠭᠴᠠᠯᠠᠨ᠂ ᠤᠯᠠᠭᠠᠨᠴᠠᠪ ᠠᠴᠠ ᠶᠠᠨᠱᠠᠨ ᠤ ᠴᠢᠯᠠᠭᠤᠨ ᠲᠣᠰᠣ ᠬᠢᠮᠢ ᠶᠢᠨ ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ᠂ ᠤᠯᠠᠭᠠᠨᠬᠠᠳᠠ ᠠᠴᠠ ᠵᠢᠨᠵᠧᠦ ᠭᠠᠷᠠᠮ ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ ᠤᠰᠤᠳᠦ᠋ᠷᠦᠭᠴᠢ ᠶᠢᠨ ᠬᠤᠩᠭᠢᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠰᠢᠯᠢ ᠶᠢᠨ ᠭᠤᠣᠯ ᠠᠴᠠ ᠼᠤᠤ ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠂ ᠠᠶᠢᠮᠠᠭ ᠬᠤᠲᠠ ᠶᠢᠨ ᠬᠢᠨ ᠤ ᠪᠣᠬᠢᠷᠲᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ᠂ ᠤᠰᠤᠳᠦ᠋ᠷᠦᠭᠴᠢ ᠡᠨᠧᠷᠬᠢ ᠶᠢᠨ ᠬᠡᠷᠡᠭᠯᠡᠭᠡᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠳᠥᠷᠪᠡ ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠶᠢᠨ ᠪᠦᠬᠦ ᠬᠡᠯᠬᠢᠶᠡᠨ ᠤ ᠬᠥᠭᠵᠢᠯᠲᠡ ᠶᠢ ᠪᠠᠷᠢᠮᠲᠠᠯᠠᠨ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠴᠦᠷᠬᠡᠭᠵᠢᠭᠦᠯᠵᠦ᠂ ᠴᠠᠬᠢᠯᠭᠠᠨ ᠡᠭᠦᠰᠭᠡᠭᠦᠷ᠂ ᠭᠦᠶᠦᠳᠡᠯ ᠬᠤᠪᠢᠷᠠᠭᠠᠭᠤᠷ᠂ ᠰᠥᠷᠭᠡᠦ ᠬᠤᠪᠢᠰᠬᠠᠭᠤᠷ᠂ ᠰᠢᠰᠲ᠋ᠧᠮ ᠤᠨ ᠴᠢᠩᠭᠡᠯᠢᠭ ᠵᠡᠷᠭᠡ ᠭᠤᠣᠯᠯᠠᠬᠤ ᠰᠡᠯᠪᠢᠭ ᠲᠤᠨᠤᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ 113 ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠢ 2700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠲᠠᠪᠤ ᠨᠢ ᠰᠢᠨ᠎ᠡ ᠡᠨᠧᠷᠬᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠰᠠᠶᠢᠲᠤᠷ ᠬᠢᠵᠦ᠂ ᠮᠡᠷᠭᠡᠵᠢᠯ ᠤᠨ ᠯᠠᠪᠯᠠᠭ᠎ᠠ᠂ ᠣᠶᠤᠨᠴᠢ ᠬᠠᠮᠠᠭᠠᠯᠠᠯᠲᠠ᠂ ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ ᠵᠡᠷᠭᠡ ᠲᠤᠬᠠᠶᠢᠯᠠᠭᠰᠠᠨ ᠠᠵᠢᠯ ᠢ ᠰᠢᠨ᠎ᠡ ᠶᠢ ᠡᠭᠦᠳᠦᠨ ᠬᠥᠭᠵᠢᠭᠦᠯᠵᠦ᠂ ᠠᠵᠢᠯᠯᠠᠭᠤᠯᠵᠤ ᠪᠠᠲᠤᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠳᠡᠭᠡᠳᠦ ᠲᠡᠰ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ᠃ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠬᠦ ᠦᠢᠯᠡᠰ ᠢ ᠰᠢᠯᠢᠳᠡᠭᠵᠢᠭᠦᠯᠦᠨ᠎ᠡ᠃ ᠦᠬᠡᠷ ᠬᠤᠨᠢᠨ ᠤ ᠮᠢᠬ᠎ᠠ᠂ ᠲᠥᠮᠥᠰᠥ᠂ ᠡᠷᠳᠡᠨᠢ ᠰᠢᠰᠢ᠂ ᠢᠮᠠᠭᠠᠨ ᠨᠣᠣᠯᠣᠭᠤᠷ᠂ ᠡᠪᠡᠰᠦᠨ ᠤ ᠦᠢᠯᠡᠰ ᠪᠣᠯ ᠪᠢᠳᠡᠨ ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢᠯᠡᠰ ᠪᠣᠯᠣᠨ᠎ᠠ᠂ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠵᠦ᠂ ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ ᠠᠯᠠᠰᠢᠨ ᠬᠤᠨᠢ᠂ ᠡᠷᠳᠡᠨᠢ ᠰᠢᠰᠢ 2 ᠵᠦᠢᠯ ᠤᠨ ᠮᠢᠩᠭᠠᠨ ᠳ᠋ᠦᠩᠰᠢᠭᠤᠷ ᠳᠡᠰ ᠤᠨ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠨ ᠦᠷ᠎ᠡ ᠠᠰᠢᠭ ᠢᠶᠠᠨ ᠨᠡᠮᠡᠭᠳᠡᠭᠦᠯᠬᠦ᠂ ᠠᠯᠠᠰᠢᠨ ᠦᠬᠡᠷ᠂ ᠡᠪᠡᠰᠦᠨ ᠤ ᠦᠢᠯᠡᠰ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠢ ᠲᠦᠷᠭᠡᠬᠡᠨ ᠳᠠᠪᠠᠭ᠋ᠤ᠂ ᠲᠥᠮᠥᠰᠥ᠂ ᠢᠮᠠᠭᠠᠨ ᠨᠣᠣᠯᠣᠭᠤᠷ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠲᠤ ᠳᠠᠪᠰᠢᠨ ᠣᠷᠣᠬᠤ ᠶᠢ ᠨᠢ ᠠᠬᠢᠭᠤᠯᠤᠨ᠎ᠠ᠃       ᠳᠠᠯᠳᠠ ᠬᠦᠴᠦᠨ ᠲᠠᠢ᠂ ᠨᠥᠬᠦᠴᠡᠯ ᠲᠠᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠬᠤ ᠶᠢ ᠠᠬᠢᠭᠤᠯᠵᠤ᠂ ᠰᠢᠨ᠎ᠡ ᠥᠷᠢᠰᠦᠯᠳᠦᠭᠡᠨ ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠶᠢ ᠡᠷᠲᠡᠬᠡᠨ ᠪᠣᠢ ᠪᠣᠯᠭᠠᠬᠤ ᠪᠠᠷ ᠴᠢᠷᠮᠠᠶᠢᠨ᠎ᠠ᠃ ᠳᠣᠣᠷ᠎ᠠ ᠠᠭᠠᠷ ᠤᠨ ᠠᠵᠤ ᠠᠬᠤᠢ ᠶᠢᠨ ᠲᠠᠯ᠎ᠠ ᠪᠠᠷ ᠳᠣᠣᠷ᠎ᠠ ᠠᠭᠠᠷ ᠤᠨ ᠨᠢᠰᠦᠭᠦᠷ ᠦᠢᠯᠡᠳᠬᠦ᠂ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠳᠣᠣᠷ᠎ᠠ ᠠᠭᠠᠷ ᠤᠨ ᠣᠯᠠᠡ ᠡᠰᠢᠵᠢᠭᠰᠡᠨ ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠳᠬᠤᠨ᠂ ᠥᠪᠥᠷ ᠮᠣᠩᠭᠤᠯ ᠤᠨ ᠳᠣᠣᠷ᠎ᠠ ᠠᠭᠠᠷ ᠤᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ᠂ ᠳᠣᠣᠷ᠎ᠠ ᠠᠭᠠᠷ ᠤᠨ ᠨᠢᠰᠦᠭᠦᠷ ᠢ ᠲᠤᠷᠰᠢᠨ ᠨᠢᠰᠬᠡᠵᠦ ᠬᠡᠮᠵᠢᠨ ᠰᠢᠯᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠳᠣᠣᠷ᠎ᠠ ᠠᠭᠠᠷ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠠᠵᠢᠯ ᠤᠨ ᠵᠢᠷᠤᠭ ᠤᠨ ᠵᠢᠭᠰᠠᠯ ᠢ ᠡᠮᠬᠢᠯᠡᠵᠦ ᠨᠡᠶᠢᠲᠡᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠠᠶᠠᠯᠠᠯ ᠤᠨ ᠪᠠᠶᠢᠴᠠᠭᠠᠯᠲᠠ ᠶᠢᠨ ᠲᠥᠪ᠂ ᠠᠷᠠᠳ ᠤᠨ ᠠᠭᠠᠷ ᠠᠶᠠᠯᠠᠯ ᠤᠨ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ ᠲᠥᠪ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠤᠨ ᠪᠣᠳᠠᠲᠠᠶᠢᠵᠢᠬᠤ ᠶᠢ ᠠᠬᠢᠭᠤᠯᠤᠨ᠂ ᠳᠣᠣᠷ᠎ᠠ ᠠᠭᠠᠷ + ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠤᠨ ᠠᠷᠭᠠᠴᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠬᠤᠢ ᠪᠠᠶᠢᠳᠠᠯ ᠤᠨ ᠬᠡᠷᠡᠭᠯᠡᠯᠲᠡ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠬᠦᠬᠡᠬᠤᠳᠠ ᠶᠢᠨ ᠰᠠᠨᠰᠠᠷ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢᠶᠠᠷ ᠬᠥᠲᠥᠯᠥᠮᠵᠢ ᠪᠣᠯᠭᠠᠵᠣ᠂ ᠬᠦᠬᠡᠬᠤᠲᠠ ᠪᠤᠭᠤᠲᠤ ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠤᠶᠢᠵᠢᠭᠤᠯᠵᠤ᠂ ᠤᠯᠠᠭᠠᠨᠬᠠᠳᠠ ᠲᠦᠩᠯᠢᠶᠣᠣ ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠯᠲᠡ ᠶᠢᠨ ᠪᠥᠭᠡᠮᠨᠡᠷᠡᠯ ᠤᠨ ᠣᠷᠣᠨ ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ᠂ ᠤᠯᠠᠭᠠᠨᠴᠠᠪ ᠤᠨ ᠳᠣᠣᠷ᠎ᠠ ᠠᠭᠠᠷ ᠤᠨ ᠵᠢᠭᠤᠯᠴᠢᠯᠠᠯ ᠤᠨ ᠪᠥᠭᠡᠮᠨᠡᠷᠡᠯ ᠤᠨ ᠣᠷᠣᠨ ᠢ ᠴᠣᠭᠴᠠᠯᠠᠨ᠎ᠠ᠃ ᠵᠣᠬᠢᠶᠠᠮᠠᠯ ᠣᠶᠤᠨ ᠤ ᠲᠠᠯ᠎ᠠ ᠪᠠᠷ ᠰᠤᠳᠤᠯᠤᠨ ᠨᠡᠭᠡᠭᠡᠯᠲᠡ᠂ ᠦᠢᠯᠡᠳᠪᠦᠷᠢᠯᠡᠬᠦ ᠪᠠ ᠬᠡᠷᠡᠭᠯᠡᠯᠲᠡ ᠶᠢ ᠰᠠᠶᠢᠲᠤᠷ ᠬᠢᠵᠦ᠂ ᠬᠦᠬᠡᠬᠤᠲᠠ ᠶᠢᠨ ᠣᠶᠤᠨᠴᠢ ᠡᠵᠡᠮᠰᠢᠭᠦᠷ᠂ ᠣᠶᠤᠨᠴᠢ ᠨᠥᠯᠥᠭᠡᠯᠡᠭᠦᠷ᠂ ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠬᠥᠭᠵᠢᠭᠦᠯᠬᠦ ᠶᠢ ᠨᠢ ᠲᠡᠮᠵᠢᠵᠤ᠂ ᠵᠣᠬᠢᠶᠠᠮᠠᠯ ᠣᠶᠣᠨ ᠤ ᠠᠵᠤ ᠦᠢᠯᠡᠰ ᠤᠨ ᠰᠠᠭᠤᠷᠢᠨ ᠭᠠᠵᠠᠷ ᠢ ᠴᠣᠭᠴᠠᠯᠠᠨ᠎ᠠ᠃ ᠣᠶᠤᠨᠲᠤ ᠠᠭᠤᠷᠬᠠᠢ᠂ ᠣᠶᠤᠨᠲᠤ ᠴᠠᠬᠢᠯᠭᠠᠨ ᠬᠦᠴᠦᠨ᠂ ᠣᠶᠤᠨᠲᠤ ᠲᠠᠷᠢᠶᠠᠯᠠᠩ᠂ ᠣᠶᠤᠨᠲᠤ ᠰᠣᠶᠣᠯ ᠵᠢᠭᠤᠯᠴᠢᠯᠠᠯ᠂ ᠣᠶᠤᠨᠲᠤ ᠡᠮᠴᠢᠯᠡᠭᠡ᠂ ᠣᠶᠤᠨᠲᠤ ᠰᠤᠷᠭᠠᠨ ᠬᠥᠮᠦᠵᠢᠯ᠂ ᠣᠶᠤᠨᠲᠤ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ᠃ ᠦᠢᠯᠡᠳᠪᠦᠷᠢᠯᠡᠯ ᠤᠨ ᠠᠬᠤᠢ ᠪᠠᠶᠢᠳᠠᠯ ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ᠂ ᠲᠦᠭᠰᠢᠭᠦᠷᠢ ᠶᠡᠬᠡᠲᠡᠢ᠂ ᠬᠥᠳᠡᠯᠮᠦᠷᠢ ᠶᠢᠨ ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢᠯᠡᠳᠪᠦᠷᠢᠯᠡᠯ ᠤᠨ ᠨᠢᠭᠡᠴᠢ ᠶᠢᠨ ︽ᠮᠠᠰᠢᠨ ᠢᠶᠠᠷ ᠬᠥᠮᠥᠨ ᠢ ᠣᠷᠣᠯᠠᠭᠤᠯᠬᠤ︾ ᠶᠢ ᠲᠦᠷᠭᠡᠳᠬᠡᠨ᠎ᠡ᠃ ᠠᠮᠢᠳᠤ ᠪᠣᠳᠠᠰ ᠤᠨ ᠦᠢᠯᠡᠳᠬᠦ ᠦᠢᠯᠡᠰ ᠤᠨ ᠲᠠᠯ᠎ᠠ ᠪᠠᠷ ᠠᠮᠢᠳᠤ ᠪᠣᠳᠠᠰ ᠤᠨ ᠡᠮ ᠡᠮᠨᠡᠯᠭᠡ ᠪᠠ ᠠᠮᠢᠳᠤ ᠪᠣᠳᠠᠰ ᠤᠨ ᠢᠰᠬᠡᠯᠲᠡ ᠬᠤᠶᠠᠷ ᠶᠡᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠬᠡᠬᠤᠲᠠ ᠶᠢᠨ ᠪᠦᠬᠦ ᠪᠥᠮᠪᠥᠷᠴᠡᠭ ᠲᠤ ᠲᠦᠷᠦᠭᠦᠯᠡᠭᠰᠡᠨ ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠰᠠᠭᠤᠷᠢᠨ ᠭᠠᠵᠠᠷ ᠢ ᠴᠣᠭᠴᠠᠯᠠᠨ᠂ ᠬᠦᠬᠡᠬᠤᠲᠠ᠂ ᠲᠦᠩᠯᠢᠶᠣᠣ᠂ ᠤᠯᠠᠭᠠᠨᠬᠠᠳᠠ᠂ ᠪᠠᠶᠠᠨᠨᠠᠭᠤᠷ ᠵᠡᠷᠭᠡ ᠭᠠᠵᠠᠷ ᠣᠷᠣᠨ ᠤ ᠲᠦᠭᠦᠬᠡᠢ ᠮᠠᠲ᠋ᠧᠷᠢᠶᠠᠯ ᠤᠨ ᠡᠮ ᠪᠠ ᠬᠢᠮᠢ ᠶᠢᠨ ᠡᠮ ᠤᠨ ᠬᠥᠭᠵᠢᠯᠲᠡ ᠶᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ ᠢ ᠴᠢᠨᠠᠷ ᠴᠢᠨᠰᠠᠭ᠎ᠠ ᠲᠠᠢ ᠪᠦᠲᠦᠭᠡᠭᠳᠡᠬᠦᠨ ᠡᠮ ᠪᠠ ᠨᠠᠶᠢᠷᠠᠯᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠴᠢᠨᠠᠬᠤ ᠡᠮ᠂ ᠨᠠᠶᠢᠷᠠᠯᠭ᠎ᠠ᠂ ᠵᠣᠷ ᠤᠨ ᠮᠥᠬᠦᠯᠢᠭᠲᠦ ᠡᠮ ᠤᠨ ᠣᠨᠴᠠᠯᠢᠭ ᠪᠦᠬᠦᠢ ᠬᠢᠲᠠᠳ ᠮᠣᠩᠭᠤᠯ ᠡᠮ ᠤᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠎ᠠ᠃ ᠴᠠᠷᠳᠠᠭᠤᠯ᠂ ᠣᠨᠴᠠᠭᠠᠢ ᠵᠦᠢᠯ ᠤᠨ ᠠᠮᠢᠨᠤ᠋ ᠬᠦᠴᠢᠯ᠂ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ ᠢᠰᠭᠡᠭᠰᠡᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠨ ᠲᠠᠯ᠎ᠠ ᠪᠠᠷ ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠲᠡᠶᠢᠰᠢ ᠬᠡᠯᠬᠢᠶ᠎ᠡ ᠪᠠᠨ ᠤᠷᠲᠤᠳᠬᠠᠵᠤ ᠨᠥᠬᠦᠪᠦᠷᠢᠯᠡᠨ᠂ ᠵᠠᠮ ᠬᠠᠷᠢᠯᠴᠠᠭ᠎ᠠ᠂ ᠰᠠᠨᠰᠠᠷ ᠠᠶᠠᠯᠠᠯ ᠠᠭᠠᠷ ᠠᠶᠠᠯᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠪᠠᠨ ᠥᠷᠭᠡᠳᠬᠡᠨ᠎ᠡ᠃       ︵ᠲᠠᠪᠤ︶ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠴᠣᠭᠴᠠᠯᠠᠬᠤ ᠪᠠᠷ ᠴᠢᠷᠮᠠᠶᠢᠵᠤ᠂ ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠨᠠᠯᠲᠠ ᠦᠢᠯᠡᠳᠪᠦᠷᠢᠯᠡᠬᠦ ᠴᠢᠳᠠᠮᠵᠢ᠂ ᠦᠢᠯᠡᠳᠪᠦᠷᠢᠯᠡᠯ ᠠᠮᠢ ᠠᠬᠤᠢ᠂ ᠤᠨᠠᠯᠲᠠ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ᠂ ᠥᠩ ᠰᠢᠮᠡᠯᠢᠭ ᠬᠥᠷᠥᠰᠥ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠲᠤᠩᠭᠠᠯᠠᠭ ᠴᠡᠩᠭᠡᠭ ᠭᠤᠣᠯ ᠤᠨ ᠤᠰᠤ ᠶᠢ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ