ᠨᠢᠭᠡᠴᠢ ᠤᠨᠠᠯᠲᠠ ᠶᠢ ᠲᠡᠬᠡᠭᠰᠢᠯᠡᠬᠦᠯᠬᠦ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ᠂ ᠬᠠᠷ᠎ᠠ | ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠦ ᠰᠢᠨ᠎ᠡ ᠪᠠᠷ ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ ᠢ 25 | ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠭᠤᠣᠯ ᠪᠣᠯᠬᠤ ᠲᠠᠷᠢᠮᠠᠯ ᠤᠨ ᠨᠢᠭᠡᠴᠢ ᠤᠨᠠᠯᠲᠠ ᠶᠢ ᠨᠢ ᠳᠡᠭᠡᠭᠰᠢᠯᠡᠭᠦᠯᠦᠭᠰᠡᠨ ᠵᠢᠱᠢᠶ᠎ᠡ ᠦᠵᠡᠬᠦᠯᠬᠦ ᠲᠣᠭᠤᠷᠢᠭ ᠢ 1000 | ᠲᠦᠮᠡᠨ ᠮᠦ᠂ ︽ᠲᠤᠨ ᠤᠨᠠᠯᠲᠠ ᠲᠠᠢ ᠲᠠᠷᠢᠶ᠎ᠡ︾ ᠶᠢ 900 ᠲᠦᠮᠡᠨ ᠮᠦ ᠴᠣᠭᠴᠠᠯᠠᠵᠤ᠂ ᠠᠮᠤ ᠪᠤᠳᠠᠭ᠎ᠠ ᠮᠢᠬ᠎ᠠ ᠰᠦᠨ ᠤ ᠭᠠᠷᠤᠯᠲᠠ ᠶᠢ ᠲᠤᠰ ᠲᠤᠰ 800 | ᠳ᠋ᠦᠩᠰᠢᠭᠤᠷ ᠵᠢᠩ᠂ 60 ᠳ᠋ᠦᠩᠰᠢᠭᠤᠷ ᠵᠢᠩ᠂ 160 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ | ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢ ᠲᠦᠷᠭᠡᠳᠬᠡᠨ ᠠᠬᠢᠭᠤᠯᠤᠨ᠎ᠠ᠃ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ | ᠪᠠᠶᠢᠬᠤ ᠶᠤᠮ᠃ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠤᠰᠢᠭᠤ ᠰᠢᠶᠠᠨ ᠳᠤ ᠪᠦᠭᠦ ᠲᠠᠯ᠎ᠠ ᠪᠠᠷ ᠳᠡᠯᠭᠡᠷᠡᠭᠦᠯᠦᠨ᠂ ᠪᠦᠬᠦᠯᠢ | ᠪᠠᠶᠢᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠶᠢ ᠵᠣᠭᠰᠤᠭᠠᠬᠤ ᠲᠤᠷᠰᠢᠯᠲᠠ ᠶᠢᠨ ᠴᠡᠭ ᠤᠨ ᠠᠵᠢᠯ ᠢ ᠵᠡᠷᠭᠡ ᠳᠤ ᠨᠢ ᠥᠷᠨᠢᠭᠦᠯᠵᠦ᠂ ᠬᠠᠰᠢᠶᠠᠯᠠᠨ ᠲᠡᠵᠢᠭᠡᠬᠦ | ᠪᠠ ᠬᠠᠭᠠᠰ ᠬᠠᠰᠢᠶᠠᠯᠠᠨ ᠲᠡᠵᠢᠭᠡᠬᠦ᠂ ᠨᠠᠶᠢᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ | ᠳᠡᠯᠭᠡᠷᠡᠭᠦᠯᠦᠨ᠂ ᠮᠡᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ︽ᠤᠯᠠᠨ ᠲᠡᠵᠢᠭᠡᠬᠦ︾ ᠠᠴᠠ ︽ᠨᠠᠷᠢᠯᠢᠭ ᠠᠷᠠᠴᠢᠯᠠᠬᠤ︾ ᠲᠡᠶᠢᠰᠢ | ᠬᠤᠪᠢᠷᠠᠭᠤᠯᠬᠤ ᠶᠢ ᠨᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ ᠲᠠᠷᠢᠶᠠᠴᠢᠨ ᠮᠠᠯᠴᠢᠳ ᠤᠨ ︽ | ᠪᠡᠯᠴᠢᠭᠡᠷᠯᠡᠭᠦᠯᠬᠦ ᠶᠢ ᠨᠢ ᠵᠣᠭᠰᠣᠭᠠᠭᠰᠠᠨ ᠴᠤ ᠣᠷᠣᠯᠭ᠎ᠠ ᠶᠢ ᠨᠢ ᠬᠠᠰᠤᠭᠳᠠᠭᠤᠯᠬᠤ ᠦᠭᠡᠢ︾ ᠪᠠᠶᠢᠬᠤ ᠳᠤ ᠪᠠᠲᠤᠯᠠᠭ᠎ᠠ ᠬᠠᠩᠭᠠᠵᠤ᠂ ᠬᠠᠰᠢᠶᠠᠯᠠᠨ ᠲᠡᠵᠢᠭᠡᠬᠦ ᠬᠠᠰᠢᠶ᠎ᠠ | ᠰᠠᠷᠠᠪᠴᠢ ᠶᠢ 500 ᠲᠦᠮᠡ ᠺᠦᠸᠠᠳ᠋ ᠮᠧᠳ᠋ᠷ ᠠᠴᠠ ᠳᠡᠭᠡᠭᠰᠢ ᠰᠢᠨ᠎ᠡ ᠪᠠᠷ ᠪᠠᠶᠢᠭᠤᠯᠤᠨ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ | ᠬᠤᠪᠢ ᠶᠢᠨ ᠵᠢᠩ ᠢ 75% ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ | ᠵᠢᠭᠠᠯᠲᠠ ᠲᠤᠭ᠎ᠠ ᠶᠢ ᠳᠣᠷᠣᠭᠰᠢᠯᠠᠭᠤᠯᠤᠭᠠᠳ 10% ᠬᠦᠷᠬᠦ ᠦᠭᠡᠢ ᠪᠣᠯᠭᠠᠨ᠎ᠠ᠃ | ᠮᠠᠨ ᠤ ᠣᠷᠣᠨ ᠤ ᠮᠠᠰᠢ ᠤᠯᠠᠨ ᠰᠠᠶᠢᠨ ᠵᠦᠢᠯ ᠦᠨ᠎ᠡ ᠭᠠᠷᠴᠤ ᠲᠡᠶᠢᠯᠬᠦ ᠦᠭᠡᠢ ᠪᠠᠶᠢᠭ᠎ᠠ ᠶᠢᠨ ᠵᠠᠩᠭᠢᠯᠠᠭ᠎ᠠ ᠨᠢ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠳᠤ ᠪᠠᠶᠢᠬᠤ ᠶᠤᠮ᠃ ᠨᠢᠭᠡ ᠲᠠᠯ᠎ᠠ ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠠᠳᠬᠤᠵᠤ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠨ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠢ | ᠥᠷᠨᠢᠭᠦᠯᠦᠨ᠂ ᠴᠠᠭᠠᠨ ᠢᠳᠡᠭᠡ᠂ ᠦᠬᠡᠷ ᠬᠤᠨᠢᠨ ᠤ ᠮᠢᠬ᠎ᠠ ᠵᠡᠷᠭᠡ 10 ᠲᠦᠷᠦᠯ ᠢᠯᠭᠠᠯ ᠤᠨ ᠲᠣᠭᠤᠷᠢᠨ ᠳᠤ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ᠂ | ᠬᠥᠲᠥᠴᠢ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠲᠡᠭᠦᠰᠬᠡᠯ ᠦᠵᠦᠭᠦᠷ ᠪᠠ ᠳᠡᠭᠡᠳᠦ | ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ᠂ ᠭᠤᠣᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠦ | ᠤᠯᠠᠷᠢᠭᠤᠯᠬᠤ ᠨᠤᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠨᠦᠭᠦᠬᠡ ᠲᠠᠯ᠎ᠠ ᠪᠠᠷ ᠨᠡᠷᠡᠳᠦ ᠲᠡᠮᠳᠡᠭ ᠢ ᠡᠵᠡᠩᠨᠡᠨ | ᠪᠣᠷᠣᠯᠠᠭᠤᠯᠬᠤ ᠶᠢ ᠠᠳᠬᠤᠨ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠭᠦᠨᠵᠡᠭᠡᠶᠢᠷᠡᠭᠦᠯᠦᠨ ᠥᠷᠭᠡᠵᠢᠭᠦᠯᠵᠦ᠂ ᠰᠣᠳᠣᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢᠶᠠᠨ | ᠦᠷᠭᠦᠯᠵᠢᠯᠡᠨ ᠬᠦᠴᠦᠷᠬᠡᠭᠵᠢᠭᠦᠯᠵᠦ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ ᠢ ᠪᠦᠭᠦ ᠤᠯᠤᠰ ᠲᠤ ᠬᠠᠨᠳᠤᠭᠤᠯᠵᠤ ᠪᠠᠶᠢᠷᠢᠰᠢᠭᠤᠯᠤᠨ᠂ | ᠲᠠᠯ᠎ᠠ ᠨᠤᠲᠤᠭ ᠤᠨ ᠰᠠᠶᠢᠬᠠᠨ ᠦᠨᠦᠷ ᠠᠮᠲᠠ ᠶᠢ ᠪᠦᠭᠦ ᠤᠯᠤᠰ ᠲᠤ ᠠᠩᠬᠢᠯᠤᠭᠤᠯᠤᠨᠠ᠃ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠦᠵᠦᠭᠦᠷ ᠨᠢ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠯᠳᠤᠵᠤ᠂ ᠨᠦᠭᠦᠬᠡ | ᠦᠵᠦᠭᠦᠷ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠯᠳᠤᠵᠤ ᠪᠠᠶᠢᠳᠠᠭ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ᠂ ᠳ᠋ᠢᠬᠢᠲ ᠬᠥᠳᠡᠭᠡ ᠲᠤᠰᠬᠤᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠲᠠᠷᠢᠶᠠᠴᠢᠳ ᠲᠤ ᠠᠰᠢᠭ ᠬᠦᠷᠲᠡᠭᠡᠬᠦ ᠲᠠᠷᠢᠶᠠᠴᠢᠳ ᠢ | ᠪᠠᠶᠠᠵᠢᠭᠤᠯᠬᠤ ᠲᠤᠰᠬᠠᠢ ᠠᠵᠢᠯᠯᠠᠭᠠᠨ ᠢ ᠬᠡᠷᠡᠭᠵᠢᠭᠦᠯᠦᠨ᠂ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭᠠᠨ ᠢ | ᠭᠦᠨᠵᠡᠭᠡᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠨ ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠬᠦ᠋ᠢᠴᠡ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠶᠢ ᠪᠦᠭᠦ ᠣᠷᠣᠨ ᠪᠠ ᠪᠦᠭᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ | ᠬᠡᠪᠴᠢᠶᠡᠵᠢᠯ ᠤᠨ ᠴᠢᠨᠠᠷᠲᠠᠢ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠤᠶᠠᠳᠤᠭᠠᠷ | ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ | ᠠᠵᠢᠯ ᠢ ᠯᠠᠪᠳᠠᠭᠤᠨ ᠠᠬᠢᠭᠤᠯᠵᠤ᠂ ᠣᠢ ᠰᠢᠭᠤᠢ᠂ ᠲᠠᠷᠢᠶᠠᠯᠠᠩ ᠤᠨ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠶᠢᠨ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠰᠢᠶᠠᠨ ᠤ | ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ᠂ ᠬᠦᠷᠢᠶ᠎ᠡ ᠬᠠᠰᠢᠶᠠᠨ ᠤ ᠠᠵᠤ ᠠᠬᠤᠢ᠂ ᠤᠢ ᠶᠢᠨ ᠬᠤᠷᠮᠣᠢ ᠶᠢᠨ ᠠᠵᠤ ᠠᠬᠤᠢ᠂ ᠠᠷᠠᠳ ᠤᠨ ᠭᠡᠷ | ᠪᠠᠭᠤᠳᠠᠯ ᠤᠨ ᠠᠵᠤ ᠠᠬᠤᠢ ᠶᠢ ᠬᠥᠭᠵᠢᠭᠦᠯᠦᠨ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠬᠡᠪᠴᠢᠶ᠎ᠡ ᠶᠢ ᠥᠷᠭᠡᠳᠬᠡᠵᠦ᠂ ︽ᠭᠤᠷᠪᠠᠨ ᠤᠮᠠᠷᠠᠲᠤ︾ | ᠶᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢ ︽ᠠᠷᠠᠳ ᠢ ᠪᠠᠶᠠᠵᠢᠭᠤᠯᠬᠤ ᠢᠨᠵᠧᠨᠧᠷᠢᠩ︾ | ᠪᠣᠯᠭᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠶᠢᠷ᠎ᠠ ᠬᠠᠪᠢ ᠲᠤᠬᠠᠢ ᠶᠢᠨ ᠭᠠᠵᠠᠷ ᠲᠤ ᠨᠢ ᠠᠵᠢᠯᠴᠢᠨ ᠡᠯᠰᠡᠭᠦᠯᠵᠦ᠂ ᠣᠯᠠᠨ ᠲᠦᠮᠡᠨ ᠳᠤ | ᠣᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢ ᠬᠥᠳᠡᠭᠡ ᠲᠤᠰᠬᠤᠨ ᠲᠡᠶᠢᠰᠢ | ᠤᠷᠲᠤᠳᠬᠠᠬᠤ ᠶᠢ ᠠᠬᠢᠭᠤᠯᠤᠨ᠎ᠠ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠡᠷᠭᠡ ᠨᠡᠪᠲᠡᠷᠡᠭᠦᠯᠬᠦ᠂ ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ | ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠥᠳᠡᠭᠡ ᠲᠤᠰᠬᠤᠨ ᠤ ᠵᠠᠰᠠᠮᠠᠯ ᠵᠠᠮ ᠢ 5000 ᠺᠢᠯᠤᠮᠧᠲᠷ ᠰᠢᠨ᠎ᠡ ᠪᠠᠷ | ᠪᠦᠲᠦᠭᠡᠨ ᠪᠠᠶᠢᠭᠤᠯᠵᠤ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ︾ ᠨᠡᠪᠳᠡᠷᠡᠮᠵᠢ ᠶᠢ 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ | ᠬᠦ ᠪᠠᠲᠤᠯᠠᠨ᠂ ᠨᠥᠬᠦᠴᠡᠯ ᠲᠠᠢ ᠭᠠᠵᠠᠷ ᠣᠷᠣᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ | ᠬᠥᠳᠡᠭᠡ ᠲᠤᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ᠂ ᠠᠮᠢᠳᠤᠷᠠᠯ ᠤᠨ ᠬᠤᠭ ᠨᠣᠪᠰᠢ ᠪᠠ | ᠪᠣᠬᠢᠷ ᠤᠰᠤᠨ ᠤ ᠵᠠᠰᠠᠯᠲᠠ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ | ᠨᠤᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠬᠤ᠂ ᠮᠠᠯ ᠵᠢᠭᠦᠷᠲᠡᠨ ᠤ ᠰᠢᠭᠡᠭ ᠰᠠᠩᠭᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 83% ᠠᠴᠠ | ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ ᠤᠯᠤᠰ ᠤᠨ ᠳᠡᠰ ᠤᠨ ᠦᠵᠡᠰᠬᠦᠯᠡᠩᠲᠦ ᠰᠡᠯᠡᠭᠦᠴᠡᠯ ᠤᠨ ᠬᠥᠳᠡᠭᠡ ᠲᠤᠰᠬᠤᠨ᠂ ᠨᠣᠭᠤᠭᠠᠷᠠᠭᠤᠯᠵᠤ | ᠭᠤᠶᠣᠵᠢᠭᠤᠯᠤᠭᠰᠠᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠰᠠᠶᠢᠲᠤᠷ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠬᠡᠭᠰᠢᠯᠡᠬᠦᠯᠬᠦ ᠠᠵᠢᠯᠯᠠᠭᠠᠨ ᠢᠶᠠᠷ ᠬᠥᠲᠥᠯᠥᠨ ᠵᠢᠯᠣᠭᠤᠳᠤᠭᠤᠯᠵᠤ᠂ ᠰᠣᠶᠣᠯ | ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠨ᠎ᠠ᠃ ᠤᠮᠠᠷᠠᠲᠤ ᠬᠢᠯᠢ ᠶᠢᠨ ᠰᠣᠶᠣᠯ ᠪᠣᠯ ︽ᠤᠶᠤᠨ ᠰᠠᠨᠠᠭᠠᠨ ᠤ ᠪᠠᠶᠠᠨ ᠠᠭᠤᠷᠬᠠᠢ︾ | ᠶᠤᠮ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ | ᠤᠷᠤᠯᠳᠤᠭᠠᠨ ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ | ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ | ᠤᠮᠠᠷᠠᠲᠤ ᠬᠢᠯᠢ ᠶᠢᠨ ᠰᠣᠶᠣᠯ ᠳᠤ ᠥᠪᠥᠷ ᠮᠣᠩᠭᠤᠯ ᠤᠨ ᠲᠡᠦᠬᠡ ᠬᠥᠮᠥᠨ ᠰᠣᠶᠣᠯ ᠤᠨ ᠭᠤᠸ᠎ᠠ ᠰᠠᠶᠢᠬᠠᠨ᠂ ᠦᠵᠡᠮᠵᠢ ᠵᠠᠩ ᠦᠢᠯᠡ ᠶᠢᠨ ᠭᠤᠸ᠎ᠠ | ᠰᠠᠶᠢᠬᠠᠨ ᠠᠭᠤᠯᠤᠭᠳᠠᠵᠤ ᠪᠠᠶᠢᠳᠠᠭ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ︾ ᠤᠨ ᠠᠵᠢᠯᠯᠠᠭ᠎ᠠ ᠶᠢ ᠦᠷᠬᠦᠯᠵᠢᠯᠡᠨ ᠥᠷᠨᠢᠭᠦᠯᠵᠦ᠂ | ᠤᠯᠠᠭᠠᠨᠮᠥ᠋ᠴᠢᠷ ᠵᠡᠷᠭᠡ ᠤᠷᠠᠯᠢᠭ ᠤᠨ ᠪᠦᠯᠭᠦᠮ ᠤᠨ ᠪᠦᠬᠦ ᠤᠯᠤᠰ ᠴᠢᠨᠠᠭᠰᠢᠯᠠᠪᠠᠯ ᠭᠠᠳᠠᠭᠠᠳᠤ ᠳᠤ ᠭᠠᠷᠴᠤ ᠦᠵᠡᠭᠦᠯᠭᠡ ᠲᠣᠨᠨᠯᠠᠯᠲᠠ ᠭᠠᠷᠭᠠᠬᠤ ᠶᠢ ᠳᠡᠮᠵᠢᠵᠦ᠂ | ᠮᠠᠨ ᠤ ᠣᠷᠣᠨ ᠤ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠ ᠬᠤᠪᠢᠰᠬᠠᠯ ᠤᠨ ᠡᠬᠢ ᠪᠠᠶᠠᠯᠢᠭ ᠢ ᠥᠷᠭᠡᠨ ᠢᠶᠠᠷ ᠤᠬᠠᠭᠤᠯᠤᠨ᠂ ᠤᠮᠠᠷᠠᠲᠤ ᠬᠢᠯᠢ ᠶᠢᠨ | ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ ᠤᠨ | ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ᠂ ᠡᠷᠬᠡᠪᠰᠢ ᠰᠠᠶᠢᠲᠤᠷ ᠬᠠᠮᠠᠭᠠᠯᠠᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ | ᠬᠡᠷᠡᠭᠲᠡᠢ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠪᠠᠶᠢᠴᠠᠭᠠᠯᠲᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠬᠠᠭᠤᠴᠢᠨ ᠤ ᠰᠤᠳᠤᠯᠤᠯ ᠤᠨ ᠡᠷᠴᠢᠮ ᠢᠶᠠᠨ ᠴᠢᠩᠳᠠᠯᠠᠵᠤ᠂ ᠬᠤᠩᠱᠠᠨ ᠰᠣᠶᠣᠯ ᠢ ᠥᠪ ᠢᠶᠠᠷ ᠬᠤᠯᠪᠤᠭᠠᠯᠠᠨ ᠭᠤᠶᠤᠴᠢᠯᠠᠬᠤ ᠶᠢ | ᠠᠬᠢᠭᠤᠯᠤᠨ᠂ ᠲᠣᠮᠳᠠᠳᠣ ᠶᠢᠨ ᠪᠣᠯᠪᠠᠰᠤᠨ ᠤ ᠡᠬᠢ ᠡᠭᠦᠰᠦᠯ ᠤᠨ ᠰᠦᠪᠡᠭᠴᠢᠯᠡᠯᠲᠡ ᠳᠤ ᠬᠤᠪᠢ ᠨᠡᠮᠡᠷᠢ ᠦᠵᠡᠭᠦᠯᠦᠨ᠎ᠡ᠃ ᠤᠳᠬ᠎ᠠ ᠤᠷᠠᠯᠢᠭ ᠤᠨ ᠪᠦᠲᠦᠭᠡᠯ ᠪᠣᠯ | ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠠᠮᠢᠳᠤᠯᠢᠭ ᠠᠴᠢᠶᠠᠯᠠᠪᠤᠷᠢ ᠪᠣᠯᠣᠨ᠎ᠠ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ | ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠦᠷᠦᠯ | ᠵᠦᠢᠯ ᠪᠠ ᠰᠣᠳᠣᠨ ᠪᠦᠲᠦᠭᠡᠯ ᠢ ᠲᠡᠳᠬᠦᠨ ᠳᠡᠮᠵᠢᠬᠦ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠳᠠᠯᠠᠵᠤ᠂ ᠤᠳᠬ᠎ᠠ ᠤᠷᠠᠯᠢᠭ ᠤᠨ ᠠᠵᠢᠯᠲᠠᠳ ᠤᠨ ᠵᠣᠬᠢᠶᠠᠨ | ᠪᠦᠲᠦᠭᠡᠬᠦ ᠤᠷᠮ᠎ᠠ ᠵᠣᠷᠢᠭ ᠢ ᠭᠦᠢᠴᠡᠳ ᠬᠥᠭᠵᠢᠭᠡᠵᠦ᠂ ᠨᠡᠩ ᠤᠯᠠᠨ ᠰᠣᠳᠣᠨ ᠪᠦᠲᠦᠭᠡᠯ ᠳᠣᠷᠪᠢᠯᠢᠭ ᠵᠣᠬᠢᠶᠠᠯ ᠢ ᠪᠣᠢ ᠪᠣᠯᠭᠠᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠨᠡᠩ ᠣᠯᠠᠨ ᠲᠣᠮᠣ ᠱᠠᠩᠨᠠᠯ ᠢ ᠭᠦᠷᠲᠡᠬᠦ ᠪᠠᠷ ᠮᠡᠷᠡᠶᠢᠨ ᠴᠢᠷᠮᠠᠶᠢᠨ᠎ᠠ᠃ ᠣᠳᠣᠬᠠᠨ ᠳᠤ ᠰᠣᠶᠣᠯ ᠤᠨ ᠦᠵᠡᠰᠭᠦᠯᠡᠩ ᠤᠨ ᠬᠠᠯᠠᠭᠤᠷᠠᠯ᠂ ᠪᠣᠳᠠᠰ ᠤᠨ | ᠪᠤᠰᠤ ᠰᠣᠶᠣᠯ ᠤᠨ ᠥᠪ ᠤᠨ ᠤᠷᠤᠰᠬᠠᠯ ᠨᠢ ᠴᠠᠭ ᠤᠨ ᠰᠢᠨ᠎ᠡ ᠥᠩᠭᠡ ᠪᠣᠯᠤᠭᠰᠠᠨ ᠪᠠᠶᠢᠨ᠎ᠠ᠂ ᠡᠶᠢᠮᠦᠷᠬᠦᠦ ᠪᠠᠶᠢᠳᠠᠯ ᠬᠠᠨᠳᠤᠰᠢ ᠲᠠᠢ ᠵᠣᠬᠢᠴᠠᠭᠤᠯᠤᠨ᠂ ᠲᠣᠮᠣ | ᠬᠡᠯᠪᠡᠷᠢ ᠶᠢᠨ ᠪᠠᠶᠠᠷ ᠳᠤᠷᠠᠰᠬᠠᠯ᠂ ᠡᠯ᠎ᠡ ᠲᠦᠷᠦᠯ ᠤᠨ ᠳᠡᠯᠭᠡᠨ ᠦᠵᠡᠭᠦᠯᠭᠡ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ | ᠡᠯᠧᠮᠧᠨ᠋ᠲ ᠪᠠ ᠢᠯᠡᠷᠬᠡᠶᠢᠯᠡᠯᠲᠦ ᠲᠡᠮᠳᠡᠭ ᠢ ᠰᠢᠭᠢᠳᠬᠡᠵᠦ᠂ ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ | ᠴᠢᠳᠠᠮᠵᠢ ᠶᠢ ᠡᠷᠴᠢᠮᠯᠡᠬᠦ ᠪᠠᠨ ᠴᠢᠩᠭᠠᠳᠬᠠᠨ᠂ ᠥᠪᠡᠷᠮᠢᠴᠡ ᠬᠡᠪ ᠨᠠᠮᠪᠠ ᠪᠦᠬᠦᠢ ᠰᠣᠶᠣᠯ ᠤᠨ ︽ᠺᠠᠷᠳ᠋ᠯᠠᠬᠤ ᠭᠠᠵᠠᠷ︾ ᠢ ᠨᠡᠩ ᠤᠯᠠᠨ ᠴᠣᠭᠴᠠᠯᠠᠨ᠎ᠠ᠃ |