ᠥᠪᠥᠷ ᠮᠣᠩᠭᠤᠯ ᠳᠤ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ᠂ ᠭᠡᠪᠡᠴᠦ ︽ᠰᠠᠷᠬᠤᠳ ᠤᠨ ᠠᠩᠬᠢᠯᠤᠮ᠎ᠠ ᠦᠨᠦᠷ ᠭᠤᠳᠤᠮᠵᠢ ᠶᠢᠨ | ᠭᠦᠨ ᠳᠤ ᠬᠠᠰᠢᠭᠳᠠᠵᠤ ᠮᠡᠳᠡᠨ᠎ᠡ︾᠂ ᠲᠠᠯ᠎ᠠ ᠨᠤᠲᠤᠭ ᠤᠢ ᠰᠢᠭᠤᠢ᠂ ᠡᠯᠡᠰᠦᠨ ᠴᠦᠯ ᠭᠤᠪᠢ ᠪᠦᠷᠢᠳᠦ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ | ᠵᠡᠷᠭᠡ ᠭᠤᠶᠢᠳᠠ ᠰᠠᠶᠢᠬᠠᠨ ᠭᠠᠵᠠᠷ ᠢᠶᠠᠨ ᠰᠠᠶᠢᠲᠤᠷ ᠤᠬᠠᠭᠤᠯᠵᠤ᠂ ︽ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾᠂ ︽ᠦᠵᠡᠰᠬᠦᠯᠡᠩᠲᠦ ᠰᠠᠶᠢᠬᠠᠨ | ᠮᠢᠨᠤ ᠨᠤᠲᠤᠭ︾ ᠵᠡᠷᠭᠡ ᠰᠠᠶᠢᠬᠠᠨ ᠦᠯᠢᠬᠡᠷ ᠢᠶᠠᠨ ᠰᠠᠶᠢᠲᠤᠷ ᠢᠯᠡᠷᠡᠭᠦᠯᠵᠦ᠂ ᠨᠡᠷᠡᠲᠦ ᠲᠡᠮᠳᠡᠭ ᠢᠶᠠᠨ ᠬᠦᠴᠦᠷᠬᠡᠭᠵᠢᠭᠦᠯᠦᠨ᠂ ᠡᠵᠡᠩᠨᠡᠯᠲᠡ ᠶᠢᠨ ᠪᠠᠶᠢᠳᠠᠯ ᠢᠶᠠᠨ | ᠨᠠᠷᠢᠯᠢᠭᠵᠢᠭᠤᠯᠵᠤ᠂ ᠨᠡᠩ ᠤᠯᠠᠨ ᠬᠥᠮᠥᠰ ᠢ ᠥᠪᠥᠷ ᠮᠣᠩᠭᠤᠯ ᠳᠤ ᠲᠠᠲᠠᠨ ᠠᠪᠴᠢᠷᠠᠵᠤ᠂ ᠥᠪᠥᠷ ᠮᠣᠩᠭᠤᠯ ᠳᠤ ᠮᠠᠨᠢ ᠬᠠᠶᠢᠷᠠᠲᠠᠢ ᠪᠣᠯᠭᠠᠨ᠂ | ᠵᠢᠭᠤᠯᠴᠢᠯᠠᠭᠴᠢᠳ ᠤᠨ ᠲᠤᠭ᠎ᠠ ᠬᠡᠮᠵᠢᠶ᠎ᠡ ᠶᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠵᠢᠭᠤᠯᠴᠢᠯᠠᠯ ᠤᠨ ᠷᠢᠳᠢ | ᠰᠢᠳᠢ ᠨᠢ ᠪᠡᠶᠡᠴᠢᠯᠡᠨ ᠣᠶᠢᠯᠠᠭᠠᠬᠤ ᠲᠥᠷᠥᠭᠳᠡᠯ ᠰᠠᠶᠢᠨ᠂ ᠪᠠᠶᠠᠷ ᠪᠠᠶᠠᠰᠤᠯ ᠲᠠᠢ ᠵᠤᠭᠠᠯᠠᠨ ᠨᠠᠭᠠᠳᠬᠤ ᠳᠤ ᠪᠣᠢ᠂ ᠵᠢᠭᠤᠯᠴᠢᠯᠠᠯ ᠤᠨ ︽ᠲᠦᠷᠪᠡᠨ ᠭᠠᠵᠠᠷ︾ ᠤᠨ | IP ᠢ ᠲᠡᠰ ᠳᠡᠪᠰᠢᠭᠦᠯᠦᠨ ᠴᠣᠭᠴᠠᠯᠠᠵᠤ᠂ ︽ᠲᠦᠷᠪᠡᠨ ᠤᠯᠠᠷᠢᠯ︾ ᠢᠶᠠᠷ ᠵᠤᠭᠠᠴᠠᠨ ᠲᠣᠭᠤᠷᠢᠬᠤ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠵᠤ᠂ ᠣᠳᠣ | ᠦᠶ᠎ᠡ ᠶᠢᠨ ᠲᠠᠯ᠎ᠠ ᠨᠤᠲᠤᠭ ᠢ ᠢᠯᠡᠷᠡᠭᠦᠯᠬᠦ ᠠᠶᠠᠯᠠᠯ᠂ ᠠᠯᠳᠠᠨ ᠰᠢᠷᠭᠠᠯ ᠡᠯᠡᠰᠦᠨ ᠴᠥᠯ ᠢ ᠲᠤᠭᠤᠯᠬᠤ ᠠᠶᠠᠯᠠᠯ᠂ ᠮᠥᠰᠥ ᠴᠠᠰᠤᠨ ᠤ ᠶᠢᠷᠲᠢᠨᠴᠦ ᠶᠢᠨ ᠳᠣᠮᠣᠭᠲᠤ | ᠠᠶᠠᠯᠠᠯ ᠵᠡᠷᠭᠡ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠭᠦᠬᠡᠬᠤᠲᠡ ᠶᠢᠨ ᠳᠠᠭᠤᠤ ᠬᠥᠭᠵᠢᠮ ᠤᠨ ᠦᠳᠡᠰᠢᠯᠡᠭᠡ ᠪᠠ ᠣᠨ | ᠰᠣᠯᠢᠭᠳᠠᠬᠤ ᠰᠥᠨᠢ ᠶᠢᠨ ᠨᠠᠶᠢᠷ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠬᠥᠯᠥᠨ ᠪᠦᠢᠷ ᠤᠨ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ | ᠤᠯᠠᠭᠠᠨᠴᠠᠪ ᠤᠨ ᠦᠳᠡᠰᠢ᠂ ᠣᠷᠳᠣᠰ ᠤᠨ ︽ᠲᠠᠯ᠎ᠠ ᠨᠤᠲᠤᠭ ᠤᠨ ᠲᠣᠰᠬᠤᠨ ᠤ ᠠᠯᠠᠭᠠᠳᠠᠬᠤ ᠪᠥᠮᠪᠦᠭᠡ︾ ᠵᠡᠷᠭᠡ ᠨᠡᠷᠡᠲᠦ ᠲᠡᠮᠳᠡᠭ ᠢ ᠡᠷᠬᠢᠯᠡᠨ ᠶᠠᠪᠤᠭᠳᠠᠭᠤᠯᠬᠤ | ᠲᠤᠰᠤᠮ ᠴᠤᠤᠷᠢᠶᠠᠲᠤᠭᠤᠯᠤᠨ᠎ᠠ᠃ ᠣᠨᠴᠠᠭᠠᠶᠢᠯᠠᠨ ︽ᠮᠠᠰᠢᠨ ᠪᠠᠷᠢᠵᠤ ᠬᠥᠳᠡᠭᠡ ᠲᠠᠯ᠎ᠠ ᠪᠠᠷ ᠳᠠᠪᠬᠢᠭᠤᠯᠤᠨ᠂ ᠥᠪᠥᠷ ᠮᠣᠩᠭᠤᠯ ᠳᠤ ᠵᠢᠭᠤᠯᠴᠢᠯᠠᠨ | ᠰᠠᠭᠤᠷᠢᠰᠢᠵᠠᠭᠠᠶᠠ︾ ᠠᠵᠢᠯᠯᠠᠭ᠎ᠠ ᠶᠢ ᠨᠠᠷᠢᠯᠢᠭ ᠤᠬᠠᠭᠠᠯᠠᠨ ᠲᠥᠯᠥᠪᠯᠡᠵᠦ᠂ ᠲᠣᠮᠳᠠᠲᠣ ᠤᠯᠤᠰ ᠤᠨ ᠬᠠᠮᠤᠭ ᠤᠨ ᠭᠤᠶᠤ ᠬᠢᠯᠢ ᠬᠢᠵᠠᠭᠠᠷ ᠤᠨ ᠵᠠᠮ 331 ᠶᠢ | ᠴᠣᠭᠴᠠᠯᠠᠵᠤ᠂ ᠵᠠᠮ ᠳᠠᠭᠠᠤ ᠰᠠᠴᠤᠭᠳᠠᠭᠰᠠᠨ ︽ᠰᠤᠪᠤᠳ︾ ᠢ ︽ᠰᠣᠨᠳᠣᠷ︾ ᠪᠣᠯᠭᠠᠨ ᠬᠡᠯᠬᠢᠵᠦ᠂ ᠮᠠᠰᠢᠨ ᠪᠠᠷᠢᠵᠤ ᠵᠢᠭᠤᠯᠴᠢᠯᠠᠬᠤ ᠪᠠ ᠵᠢᠭᠤᠯᠴᠢᠯᠠᠨ | ᠰᠠᠭᠤᠷᠢᠰᠢᠬᠤ ᠶᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠪᠣᠯᠭᠠᠨ᠎ᠠ᠃ ᠪᠤᠭᠤᠲᠤ ᠶᠢᠨ ᠲᠡᠦᠬᠡ ᠰᠣᠶᠣᠯ ᠤᠨ ᠴᠤᠤᠲᠤ ᠬᠤᠲᠠ᠂ | ᠬᠢᠩᠭᠠᠨ ᠠᠶᠢᠮᠠᠭ ᠤᠨ ᠳᠡᠯᠡᠬᠡᠢ ᠶᠢᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠪᠠᠳᠠᠢ ᠶᠢᠨ ᠵᠢᠷᠠᠨ ᠤ ᠳᠡᠯᠡᠬᠡᠢ ᠶᠢᠨ ᠲᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ᠂ ᠤᠯᠠᠭᠠᠢ ᠣᠯᠠᠨ ᠲᠣᠬᠤᠢ ᠶᠢ 5A ᠲᠡᠰ ᠤᠨ ᠦᠵᠡᠮᠵᠢ ᠶᠢᠨ ᠣᠷᠣᠨ ᠢᠶᠠᠷ ᠲᠦᠷᠭᠡᠳᠬᠡᠨ ᠡᠭᠦᠳᠦᠨ ᠪᠠᠶᠢᠭᠤᠯᠵᠤ᠂ ᠯᠣᠣ ᠨᠢᠦ ᠸᠠᠨ | ᠬᠠᠲᠤᠨ ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠮᠥᠰᠥ ᠴᠠᠰᠤᠨ ᠤ ᠠᠵᠤ | ᠠᠬᠤᠢ ᠪᠣᠯ ᠲᠦᠮᠡᠨ ᠳ᠋ᠦᠩᠰᠢᠭᠤᠷ ᠤᠨ ᠳᠡᠰ ᠤᠨ ᠰᠢᠨ᠎ᠡ ᠥᠷᠢᠰᠦᠯᠳᠦᠭᠡᠨ ᠤ ᠴᠠᠷᠠᠭ᠎ᠠ ᠪᠣᠯᠣᠨ᠎ᠠ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ | ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ᠂ ᠮᠥᠰᠥ ᠴᠠᠰᠤᠨ ᠤ ᠵᠢᠭᠤᠯᠴᠢᠯᠠᠯ ᠵᠡᠷᠭᠡ ᠪᠦᠬᠦ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠨᠢᠭᠡ | ᠴᠣᠭᠴᠠᠵᠢᠭᠤᠯᠤᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ᠂ ᠲᠣᠭᠯᠠᠯᠲᠠ ᠶᠢᠨ ᠴᠢᠨᠠᠷᠲᠠᠢ᠂ ᠤᠷᠤᠯᠳᠤᠭᠠᠨ ᠤ ᠴᠢᠨᠠᠷᠲᠠᠢ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ᠃ ᠳᠠᠩ ᠬᠠᠪᠲᠠᠰᠤᠨ ᠤ ᠴᠠᠨᠠᠯᠠᠯᠲᠠ ᠶᠢᠨ ᠵᠡᠷᠭᠡᠴᠡᠭᠡ ᠶᠡᠭᠡ ᠡᠷᠭᠢᠯᠲᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ | ᠪᠠ ᠪᠦᠬᠦ ᠤᠯᠤᠰ ᠤᠨ ᠴᠢᠯᠦᠭᠡᠲᠦ ᠴᠡᠨᠡᠯᠡᠯᠲᠡ᠂ ᠣᠶᠢᠷ᠎ᠠ ᠵᠠᠢ ᠶᠢᠨ ᠲᠦᠷᠭᠡᠨ ᠲᠡᠰᠢᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠮᠥᠰᠥ ᠴᠠᠰᠤᠨ ᠤ | ᠤᠷᠤᠯᠳᠤᠭᠠᠨ ᠤ ᠶᠠᠪᠤᠳᠠᠯ ᠢ ᠰᠡᠳᠬᠢᠯ ᠲᠠᠯᠪᠢᠨ ᠡᠷᠬᠢᠯᠡᠵᠦ᠂ ᠲᠤᠮᠳᠠᠳᠤ ᠤᠯᠤᠰ ᠤᠨ ᠬᠦᠢᠲᠡᠨ ᠤ ᠲᠦᠢᠯ ᠤᠨ ᠮᠠᠷᠠᠰᠤᠨ ᠤᠷᠤᠯᠳᠤᠭᠠᠨ᠂ ᠪᠦᠭᠦ ᠤᠯᠤᠰ ᠤᠨ | ᠪᠦᠢᠺᠦ ᠪᠥᠮᠪᠥᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠭᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ᠂ | ᠰᠢᠯᠢ ᠶᠢᠨ ᠭᠤᠣᠯ ᠤᠨ ᠮᠣᠩᠭᠤᠯ ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠵᠡᠷᠭᠡ ᠣᠨᠴᠠᠯᠢᠭᠲᠤ ᠤᠷᠤᠯᠳᠤᠭᠠᠨ ᠤ ᠶᠠᠪᠤᠳᠠᠯ ᠢ ᠰᠠᠶᠢᠲᠤᠷ ᠡᠷᠬᠢᠯᠡᠵᠦ᠂ | ᠨᠡᠩ ᠣᠯᠠᠨ ᠬᠥᠮᠥᠰ ᠢ ᠤᠷᠤᠯᠳᠤᠭᠠᠨ ᠤ ᠲᠠᠰᠢᠷᠠᠮ ᠢᠶᠠᠷ ᠵᠢᠭᠤᠯᠴᠢᠯᠠᠷᠠ ᠢᠷᠡᠭᠦᠯᠦᠨ᠎ᠡ᠃ | ︵ᠳᠣᠯᠤᠭ᠎ᠠ︶ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠬᠦᠴᠦᠯᠡᠨ ᠠᠳᠬᠤᠵᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ | ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ᠃ ᠨᠢᠭᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠨᠢ ᠡᠴᠦᠰ ᠤᠨ ᠡᠴᠦᠰ ᠲᠤ ᠪᠠᠨ ᠠᠵᠤ | ᠠᠬᠤᠶᠢᠯᠠᠯ ᠳᠤ ᠲᠦᠰᠢᠭᠯᠡᠳᠡᠭ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠯᠢ ᠨᠢ ᠴᠦ ᠭᠡᠰᠡᠨ ᠦᠭᠡᠢ | ᠪᠦᠷ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ᠂ ᠠᠵᠤ ᠠᠬᠤᠶᠢᠯᠠᠯ ᠳᠤ ᠲᠤᠰᠠᠯᠠᠬᠤ ᠠᠵᠢᠯᠯᠠᠭᠠᠨ ᠪᠣᠯ ᠳᠠᠷᠤᠢ ᠠᠵᠤ ᠠᠬᠤᠶᠢᠯᠠᠯᠲᠠᠳ ᠢ ᠭᠡᠷ ᠤᠨ ᠢᠶᠠᠨ | ᠬᠥᠮᠥᠨ ᠠᠳᠠᠯᠢ ᠦᠵᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠢ ᠭᠡᠷ ᠤᠨ ᠢᠶᠠᠨ ᠠᠵᠢᠯ ᠶᠠᠪᠤᠳᠠᠯ ᠪᠣᠯᠭᠠᠨ᠂ ᠵᠠᠰᠠᠭ ᠤᠨ ᠣᠷᠳᠣᠨ ᠪᠠ ᠠᠵᠤ ᠠᠬᠤᠶᠢᠯᠠᠯ ᠭᠠᠷ | ᠬᠤᠯᠪᠣᠯᠴᠠᠨ ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠶᠠᠪᠤᠳᠠᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠠᠯᠳᠠᠭᠳᠠᠯ ᠲᠠᠢ ᠪᠠᠶᠢᠭᠰᠠᠨ ᠠᠴᠠ ᠪᠠᠨ | ᠣᠯᠵᠠᠪᠤᠷᠢ ᠲᠠᠢ ᠪᠣᠯᠵᠤ᠂ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠦᠨ᠎ᠡ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠬᠦ︾ ᠪᠠᠷ ᠠᠷᠭ᠎ᠠ ᠬᠡᠮᠵᠢᠶ᠎ᠡ ᠲᠣᠭᠲᠠᠭᠠᠨ᠂ ᠠᠷᠭ᠎ᠠ ᠪᠣᠳᠣᠯᠭ᠎ᠠ ᠠᠪᠴᠤ᠂ ᠪᠣᠳᠠᠲᠤ ᠠᠮᠵᠢᠯᠲᠠ ᠣᠯᠬᠤ ᠶᠢ ᠴᠢᠩᠭ᠎ᠠ ᠠᠩᠬᠠᠷᠬᠤ ᠬᠡᠷᠡᠭᠲᠡᠢ᠃ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠦᠬᠦ ᠬᠦᠴᠦᠨ ᠢᠶᠠᠷ ᠢᠶᠠᠨ ᠪᠦᠰᠡᠯᠡᠯᠲᠡ ᠰᠢᠪᠲᠤᠯᠵᠤ᠂ ᠡᠵᠡᠩᠨᠡᠯᠲᠡ ᠶᠢ ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ᠂ ᠦᠷ᠎ᠡ ᠠᠰᠢᠭ ᠢᠶᠠᠨ ᠳᠡᠭᠡᠭᠰᠢᠯᠡᠭᠦᠯᠬᠦ ᠲᠠᠯ᠎ᠠ ᠳᠤ ᠬᠦᠴᠦ ᠲᠠᠯᠪᠢᠨ᠂ ᠡᠵᠡᠩᠨᠡᠯᠲᠡ ᠶᠢᠨ ᠣᠷᠣᠯᠭ᠎ᠠ ᠶᠢ 1200 ᠳ᠋ᠦᠩᠰᠢᠭᠤᠷ ᠲᠥᠭᠦᠷᠢᠭ ᠲᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠳᠬᠦᠨ ᠤ ᠦᠷᠲᠡᠭ ᠵᠠᠬ᠎ᠠ ᠳᠡᠯᠭᠡᠭᠦᠷ ᠤᠨ ᠦᠷᠲᠡᠭ᠂ ᠡᠵᠡᠩᠨᠡᠯᠲᠡ ᠶᠢᠨ ᠠᠰᠢᠭ ᠣᠷᠣᠯᠭ᠎ᠠ ᠪᠠᠷ ᠢᠶᠠᠨ | ᠠᠵᠢᠯ ᠲᠥᠷᠥᠯ ᠤᠨ ᠲᠡᠷᠢᠭᠦᠨ ᠪᠠᠶᠢᠷᠢ ᠪᠠᠨ ᠪᠠᠲᠤᠯᠠᠨ᠎ᠠ᠃ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠬᠦᠴᠦᠨ ᠤ ᠲᠣᠣᠷ ᠢ ᠬᠦᠴᠦᠷᠬᠡᠭᠵᠢᠭᠦᠯᠬᠦ︾ | ᠠᠵᠢᠯᠯᠠᠭᠠᠨ ᠢ ᠰᠠᠶᠢᠲᠤᠷ ᠬᠡᠷᠡᠭᠵᠢᠭᠦᠯᠵᠦ᠂ ︽ᠳᠦᠷᠪᠡᠨ ᠬᠥᠨᠳᠡᠯᠡᠨ ᠵᠢᠷᠭᠤᠭᠠᠨ ᠭᠤᠯᠳᠤ︾ 500 ᠺᠢᠯᠣᠸᠣᠯᠲ ᠤᠨ ᠭᠤᠣᠯ ᠴᠠᠬᠢᠯᠭᠠᠨ ᠬᠦᠴᠦᠨ ᠤ ᠲᠣᠣᠷ ᠤᠨ | ᠵᠢᠶᠠᠰᠠ ᠶᠢ ᠪᠦᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ | ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ ᠦᠵᠡᠭᠦᠯᠦᠨ᠎ᠡ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠮᠠᠨ ᠤ ᠣᠷᠣᠨ ᠤ | ᠡᠨᠧᠷᠬᠢ ᠶᠢᠨ ᠠᠵᠤ ᠠᠬᠤᠶᠢᠯᠠᠯ ᠤᠨ ᠰᠠᠶᠢᠨ ︽ᠨᠢᠷᠤᠭᠤ ᠲᠤᠯᠭᠠᠭᠤᠷᠢ︾ ᠪᠣᠯᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠪᠠᠨ 4500 | ᠲᠦᠮᠡᠨ ᠺᠢᠯᠣᠸᠠᠲ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠡᠳ᠋ ᠬᠥᠷᠥᠩᠭᠡ ᠪᠠ ᠡᠵᠡᠩᠨᠡᠯᠲᠡ ᠶᠢᠨ ᠣᠷᠣᠯᠭ᠎ᠠ ᠶᠢᠨ ︽ᠬᠤᠣᠰ ᠮᠢᠩᠭᠠᠨ ᠳ᠋ᠦᠩᠰᠢᠭᠤᠷ︾ | ᠤᠨ ᠬᠠᠷᠠᠯᠲᠠ ᠲᠡᠶᠢᠰᠢ ᠲᠦᠷᠭᠡᠬᠡᠨ ᠤᠷᠤᠭᠰᠢᠯᠠᠨ᠎ᠠ᠃ ᠵᠠᠮ ᠬᠠᠷᠢᠯᠴᠠᠭᠠᠨ ᠤ ᠪᠦᠯᠦᠭᠯᠡᠯ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ | ᠪᠠᠷᠢᠮᠵᠢᠶᠠᠯᠠᠨ ᠬᠠᠷᠭᠤᠭᠤᠯᠵᠤ᠂ ᠬᠢᠷᠢ ᠭᠡᠮ ᠵᠡᠷᠭᠡ ᠳᠡᠰ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠤ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ | ᠴᠢᠷᠮᠠᠶᠢᠨ ᠥᠷᠭᠡᠳᠬᠡᠵᠦ᠂ ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ ᠳᠤ ᠲᠠᠪᠰᠢᠨ ᠣᠷᠣᠬᠤ ᠪᠠᠷ ᠬᠦᠴᠦᠯᠡᠨ ᠴᠢᠷᠮᠠᠶᠢᠨ᠎ᠠ᠃ ᠤᠢ | ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ᠂ ᠣᠯᠠᠨ ᠤᠯᠤᠰ ᠤᠨ ᠠᠷᠠᠯᠵᠢᠶᠠᠨ ᠤ ᠪᠦᠯᠦᠭᠯᠡᠯ᠂ ᠣᠢ ᠰᠢᠭᠤᠢ | ᠨᠤᠲᠤᠭ ᠪᠡᠯᠴᠢᠭᠡᠷ ᠤᠨ ᠠᠮᠢ ᠠᠬᠤᠢ ᠶᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ | ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠡᠷᠴᠢᠮ ᠢᠶᠠᠨ ᠴᠢᠩᠭᠠᠷᠠᠭᠤᠯᠤᠨ᠂ ᠲᠡᠷᠢᠭᠦᠨ ᠳᠡᠰ ᠲᠠᠢ ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ ᠠᠴᠠ ᠲᠠᠭᠠᠨ | ᠰᠤᠷᠤᠯᠴᠠᠵᠦ᠂ ᠡᠵᠡᠩᠨᠡᠯᠲᠡ ᠶᠢᠨ ᠠᠵᠢᠯ ᠤᠨ ᠠᠮᠵᠢᠯᠲᠠ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ᠂ ᠲᠦᠷᠭᠡᠬᠡᠨ ᠪᠤᠵᠠᠭᠠᠶᠢᠷᠠᠨ | ᠬᠦᠴᠦᠷᠬᠡᠭᠵᠢᠭᠦᠯᠬᠦ ᠬᠡᠷᠡᠭᠲᠡᠢ᠃ | ᠣᠳᠣᠬᠠᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠭᠵᠢᠬᠦ ᠳᠤ ᠲᠤᠩ ᠬᠢᠯᠪᠠᠷ ᠪᠤᠰᠤ ᠪᠠᠶᠢᠵᠤ᠂ ᠦᠢᠯᠡᠳᠪᠦᠷᠢᠯᠡᠯ ᠡᠵᠡᠩᠨᠡᠯᠲᠡ ᠶᠢᠨ | ᠶᠠᠪᠤᠴᠠ ᠳᠤ ᠨᠢ ᠣᠯᠠᠨ ᠬᠦᠴᠢᠷ ᠲᠦᠪᠡᠭ ᠪᠠ ᠠᠰᠠᠭᠤᠳᠠᠯ ᠲᠤᠯᠭᠠᠷᠠᠵᠤ ᠪᠠᠶᠢᠨ᠎ᠠ᠂ ᠲᠥᠷᠥᠯ ᠵᠦᠢᠯ ᠢ ᠪᠣᠳᠠᠲᠠᠶᠢᠵᠢᠭᠤᠯᠬᠤ᠂ ᠲᠦᠷᠦ ᠶᠢᠨ ᠪᠣᠳᠣᠯᠭ᠎ᠠ ᠪᠠᠷ | ᠳᠡᠮᠵᠢᠯᠭᠡ ᠦᠵᠡᠭᠦᠯᠬᠦ᠂ ᠪᠡᠯᠡ ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ ᠪᠠᠷ ᠬᠠᠪᠰᠤᠷᠤᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ | ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠪᠢᠳᠠᠴᠠ ᠶᠢ ᠤᠷᠢᠳᠴᠢᠯᠠᠨ ᠦᠯᠡᠳᠡᠭᠡᠵᠦ ᠥᠭᠬᠦ | ᠲᠤᠬᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠨᠢ ᠤᠳᠠᠭᠠᠨ᠂ ᠪᠠᠶᠢᠴᠠᠭᠠᠯᠲᠠ | ᠣᠯᠠᠨᠲᠠᠢ᠂ ᠪᠡᠯᠡ ᠲᠣᠬᠢᠷᠠᠭᠤᠯᠬᠤ ᠳᠤ ᠬᠦᠴᠢᠷ ᠪᠠᠶᠢᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ︽ᠰᠡᠳᠬᠢᠯ ᠤᠨ ᠡᠪᠡᠳᠴᠢᠨ︾ ᠪᠠᠶᠢᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠵᠦ ᠪᠠᠶᠢᠭ᠎ᠠ ᠮᠡᠲᠦ ᠪᠠᠷ ᠠᠵᠤ ᠠᠬᠤᠶᠢᠯᠠᠯ ᠳᠤ | ᠦᠢᠯᠡᠴᠢᠯᠡᠨ᠂ ᠬᠢᠨᠠᠨ ᠵᠥᠪᠰᠢᠶᠡᠷᠡᠵᠦ ᠠᠵᠢᠯ ᠶᠠᠪᠤᠳᠠᠯ ᠭᠦᠢᠴᠡᠳᠬᠡᠬᠦ ᠶᠢᠨ ᠬᠤᠷᠳᠤ ᠶᠢ ᠳᠠᠬᠢᠨᠲᠠ ᠠᠬᠢᠭᠤᠯᠤᠨ ᠲᠦᠷᠭᠡᠳᠬᠡᠵᠦ᠂ ᠬᠤᠭᠤᠴᠠᠭ᠎ᠠ ᠬᠢᠵᠠᠭᠠᠷᠯᠠᠨ ᠬᠢᠨᠠᠨ | ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ | ᠠᠵᠢᠯᠯᠠᠭᠠᠨ ᠢ ᠰᠠᠶᠢᠲᠤᠷ ᠠᠳᠬᠤᠵᠤ᠂ ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ | ᠬᠡᠷᠡᠭᠵᠢᠭᠦᠯᠦᠯᠲᠡ ᠶᠢ ᠬᠡᠷᠡᠭᠵᠢᠭᠦᠯᠦᠨ᠂ ᠠᠵᠤ ᠠᠬᠤᠶᠢᠯᠠᠯ ᠳᠤ ᠰᠠᠭᠠᠳ ᠠᠪᠴᠢᠷᠠᠬᠤ ᠮᠥᠷᠲᠡᠭᠡᠨ ᠦᠢᠯᠡᠳᠦᠯ ᠭᠠᠷᠬᠤ ᠦᠭᠡᠢ ᠠᠯᠪᠠ ᠶᠢᠨ ᠲᠡᠳᠦᠢ ᠬᠠᠤᠯᠢ | ᠬᠡᠷᠡᠭᠵᠢᠭᠦᠯᠦᠯᠲᠡ ᠶᠢ ᠦᠯᠦ ᠬᠢᠵᠦ᠂ ᠳᠤᠷ᠎ᠠ ᠪᠠᠷ ᠰᠦᠢᠳᠬᠡᠯ ᠬᠤᠷᠢᠶᠠᠬᠤ᠂ ᠳᠤᠷ᠎ᠠ ᠪᠠᠷ ᠵᠣᠭᠤᠰ ᠲᠣᠷᠭᠠᠬᠤ᠂ ᠳᠤᠷ᠎ᠠ ᠪᠠᠷ ᠪᠠᠶᠢᠴᠠᠭᠠᠬᠤ᠂ ᠳᠤᠷ᠎ᠠ ᠪᠠᠷ | ᠪᠢᠲᠡᠭᠦᠮᠵᠢᠯᠡᠬᠦ ᠶᠢ ᠡᠷᠡᠰ ᠴᠡᠭᠴᠡᠯᠡᠨ ᠵᠠᠰᠠᠵᠤ᠂ ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠨᠢᠭᠡ ᠢᠯᠡᠷᠡᠭᠦᠯᠪᠡᠯ ᠨᠢᠭᠡ ᠶᠢ ᠴᠢᠩᠭ᠎ᠠ ᠪᠠᠶᠢᠴᠠᠭᠠᠨ᠎ᠠ︔ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠲᠠᠯᠪᠢᠬᠤ ᠨᠥᠬᠦᠴᠡᠯ ᠪᠠ ᠬᠦᠦ ᠮᠥᠩᠭᠦᠨ ᠤ ᠬᠢᠷᠢ ᠬᠡᠮᠵᠢᠶᠡᠨ ᠤ ᠲᠠᠯ᠎ᠠ ᠳᠤ ︽ᠠᠳᠠᠯᠢ ᠪᠠᠷ ᠦᠵᠡᠨ | ᠲᠡᠭᠰᠢ ᠪᠠᠷ ᠬᠠᠨᠳᠤᠵᠤ︾᠂ ᠡᠬᠡ ᠮᠥᠩᠭᠦ ᠲᠥᠯᠥᠬᠦ ᠦᠭᠡᠢ ᠪᠠᠷ ᠥᠷᠭᠦᠯᠵᠢᠯᠡᠨ ᠵᠢᠭᠡᠯᠡᠯᠭᠡ ᠠᠪᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠠᠩᠰᠠᠨ ᠳᠠᠬᠢ ᠥᠷᠢᠲᠦᠵᠦ ᠪᠠᠶᠢᠭ᠎ᠠ ᠵᠣᠭᠤᠰ ᠢ ᠨᠢ ᠢᠯᠭᠠᠷᠠᠭᠤᠯᠬᠤ ᠪᠣᠯ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠠᠮᠤᠭ ᠠᠴᠠ ᠬᠠᠯᠠᠮᠵᠢᠯᠠᠨ ᠠᠩᠬᠠᠷᠴᠤ ᠪᠠᠶᠢᠭ᠎ᠠ ᠤᠴᠢᠷ ᠪᠣᠯᠣᠨ᠎ᠠ᠂ ᠪᠠᠶᠢᠳᠠᠯ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ | ᠥᠷᠨᠢᠭᠦᠯᠵᠦ᠂ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠬᠤ ᠪᠠᠨ ᠦᠨᠡᠨ ᠬᠦ ᠪᠠᠲᠤᠯᠠᠨ᠂ ᠥᠷᠢᠲᠦᠵᠦ ᠪᠠᠶᠢᠭ᠎ᠠ ᠵᠣᠭᠤᠰ ᠢ ᠨᠢ ᠬᠠᠤᠯᠢ ᠲᠣᠭᠲᠠᠭᠠᠯ ᠶᠣᠰᠣᠭᠠᠷ | ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠲᠥᠯᠥᠬᠦ ᠶᠣᠰᠣᠲᠠᠢ ᠶᠢ ᠨᠢ ᠲᠦᠷᠭᠡᠨ ᠲᠥᠯᠥᠵᠦ᠂ ᠲᠥᠯᠥᠬᠦ ᠴᠢᠬᠤᠯᠠᠲᠠᠢ ᠶᠢ ᠨᠢ ᠪᠦᠬᠦᠨ ᠢ ᠲᠥᠯᠥᠬᠦ︾ ᠶᠢ | ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠣᠨᠴᠠᠭᠠᠶᠢᠯᠠᠨ ᠤᠳᠤᠷᠢᠳᠬᠤ ᠺᠠᠳ᠋ᠷᠴᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ | ᠦᠨᠡᠨᠴᠢ ᠰᠢᠯᠤᠭᠤᠨ ᠢᠶᠠᠷ ᠬᠠᠷᠢᠯᠴᠠᠵᠤ᠂ ᠢᠯᠠᠩᠭᠤᠶ᠎ᠠ ᠠᠵᠤ ᠠᠬᠤᠶᠢᠯᠠᠯ ᠬᠦᠴᠢᠷ ᠪᠡᠷᠬᠡ ᠲᠤᠯᠭᠠᠷᠠᠬᠤ ᠶᠢᠨ ᠦᠶ᠎ᠡ ᠳᠤ᠂ ᠤᠯᠠᠮ ᠢᠯᠡᠭᠦᠦ | ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ᠂ ᠴᠢᠩ ᠰᠡᠳᠬᠢᠯ ᠠᠴᠠ ᠪᠠᠨ ᠦᠢᠯᠡᠴᠢᠯᠡᠬᠦ ᠬᠡᠷᠡᠭᠲᠡᠢ᠃ |