ᠮᠠᠨ ᠤ ᠣᠷᠣᠨ ᠲᠥᠪ ᠤᠨ ᠡᠯ᠎ᠡ ᠲᠣᠮᠣ ᠠᠵᠤ ᠠᠬᠤᠶᠢᠯᠠᠯ ᠯᠤᠭ᠎ᠠ ᠪᠠᠲᠤ ᠪᠠᠬᠢ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠨᠢᠳᠤᠨᠤᠨ ᠲᠥᠪ ᠤᠨ ᠠᠵᠤ | ᠠᠬᠤᠶᠢᠯᠠᠯ ᠤᠨ ᠮᠠᠨ ᠤ ᠣᠷᠣᠨ ᠳᠠᠬᠢ ᠪᠡᠯᠡ ᠣᠷᠣᠭᠤᠯᠤᠯᠲᠠ ᠵᠣᠬᠢᠬᠤ ᠬᠡᠮᠵᠢᠶ᠎ᠡ ᠪᠠᠷ ᠳᠣᠷᠣᠭᠰᠢᠯᠠᠭᠰᠠᠨ ᠠᠴᠠ ᠡᠨᠡ ᠵᠢᠯ ᠡᠷᠬᠡᠪᠰᠢ ᠨᠡᠬᠡᠨ ᠭᠦᠢᠴᠡᠵᠦ ᠨᠡᠮᠡᠭᠳᠡᠯ ᠲᠠᠢ | ᠪᠣᠯᠭᠠᠨ᠎ᠠ᠃ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠡ ᠨᠢᠭᠡ ᠠᠵᠤ ᠠᠬᠤᠶᠢᠯᠠᠯ ᠢᠶᠠᠷ | ᠵᠣᠯᠭᠠᠭᠤᠯᠤᠨ᠂ ᠨᠢᠭᠡ ᠨᠢᠭᠡ ᠲᠥᠷᠥᠯ ᠵᠦᠢᠯ ᠢᠶᠠᠷ ᠪᠣᠳᠠᠲᠠᠶᠢᠵᠢᠭᠤᠯᠬᠤ ᠶᠢ ᠠᠳᠬᠤᠨ᠂ ᠮᠠᠨ ᠤ ᠣᠷᠣᠨ ᠤ ᠡᠬᠢ ᠪᠠᠶᠠᠯᠢᠭ᠂ ᠠᠵᠤ ᠦᠢᠯᠡᠰ ᠤᠨ | ᠳᠠᠪᠠᠭᠤᠯᠢᠭ ᠢᠶᠠᠷ ᠢᠶᠠᠨ ᠲᠥᠪ ᠤᠨ ᠠᠵᠤ ᠠᠬᠤᠶᠢᠯᠠᠯ ᠤᠨ ᠬᠦᠴᠦᠷᠬᠡᠭ ᠪᠣᠳᠠᠲᠤ ᠬᠦᠴᠦᠨ᠂ ᠲᠡᠷᠢᠭᠦᠨ ᠤ ᠮᠡᠷᠭᠡᠵᠢᠯ ᠯᠦᠭᠡ ︽ᠬᠤᠣᠰ ᠴᠢᠭᠯᠡᠯ ᠤᠨ ᠬᠠᠮᠲᠤᠷᠠᠯᠴᠠᠭ᠎ᠠ︾ | ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠨᠢ ᠪᠠᠶᠢᠩᠭᠤᠰᠢᠭᠤᠯᠤᠨ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠳᠤ ᠪᠠᠶᠢᠨ᠎ᠠ᠂ | ᠡᠨᠡ ᠵᠢᠯ ᠳᠠᠬᠢᠨᠲᠠ ︽ᠥᠨᠳᠥᠷ ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ 30 ᠵᠦᠢᠯ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ | 150 ᠵᠦᠢᠯᠡᠰ ᠢ ᠭᠠᠷᠭᠠᠵᠤ᠂ ︽ᠠᠮᠠᠯᠠᠬᠤ ᠳᠦᠷᠢᠮ + ᠪᠦᠬᠦᠨ ᠢ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠬᠡᠪ ᠵᠠᠭᠪᠤᠷ ᠢ ᠳᠡᠯᠭᠡᠷᠡᠭᠦᠯᠦᠨ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠬᠦᠷᠢᠶ᠎ᠡ ᠴᠠᠷᠠᠭᠠᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠢᠵᠠᠭᠠᠷᠯᠠᠯ | ᠬᠦᠯᠢᠶᠡᠰᠦᠯᠡᠯ ᠨᠢ ᠳᠡᠩᠳᠡᠭᠦᠦ ᠤᠯᠠᠨ᠂ ᠠᠵᠢᠯ ᠶᠠᠪᠤᠳᠠᠯ ᠭᠦᠢᠴᠡᠳᠬᠡᠬᠦ ᠳᠤ ᠶᠠᠷᠰᠢᠭ ᠲᠦᠪᠡᠭᠲᠡᠢ᠂ ᠠᠮᠠᠯᠠᠭᠰᠠᠨ ᠢᠶᠠᠨ ᠭᠦᠢᠴᠡᠳᠬᠡᠬᠦ ᠦᠭᠡᠢ᠂ ᠰᠢᠨ᠎ᠡ | ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ ᠵᠡᠷᠭᠡ ᠠᠰᠠᠭᠤᠳᠠᠯ ᠤᠳ ᠢ ᠦᠨᠡᠨ ᠪᠣᠳᠠᠲᠠᠢ ᠰᠢᠢᠳᠪᠦᠷᠢᠯᠡᠵᠦ᠂ ᠦᠨᠡᠨᠴᠢ ᠢᠲᠡᠭᠡᠮᠵᠢᠲᠡᠢ ᠪᠠᠶᠢᠬᠤ ᠶᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠭᠤᠣᠯᠯᠠᠬᠤ ᠥᠷᠢᠰᠦᠯᠳᠦᠭᠡᠨ ᠤ ᠬᠦᠴᠦᠨ ᠪᠣᠯᠭᠠᠵᠤ᠂ ᠺᠠᠳ᠋ᠷ ᠪᠦᠬᠦᠨ ᠢ ᠦᠨᠡᠨᠴᠢ ᠢᠲᠡᠭᠡᠮᠵᠢ ᠶᠢ ᠡᠷᠬᠢᠮᠯᠡᠭᠰᠡᠨ | ︽ᠣᠷᠣᠯᠠᠨ ᠥᠭᠦᠯᠡᠭᠴᠢ︾ ᠪᠣᠯᠭᠠᠨ᠎ᠠ᠃ | ︵ᠨᠠᠢᠮᠠ︶ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠰᠠᠶᠢᠲᠤᠷ ᠠᠳᠬᠤᠨ᠂ ᠬᠥᠭᠵᠢᠯᠲᠡ ᠶᠢᠨ ᠰᠢᠨ᠎ᠡ ᠣᠷᠣᠨ ᠵᠠᠢ ᠶᠢ | ᠶᠡᠭᠡ ᠪᠠᠷ ᠥᠷᠭᠡᠳᠬᠡᠨ᠎ᠡ᠃ ᠭᠠᠳᠠᠭᠰᠢ ᠨᠡᠭᠡᠭᠡᠯᠲᠡ ᠬᠢᠭᠰᠡᠨ ᠴᠤ ᠲᠡᠷᠡ᠂ ᠳᠣᠲᠣᠭᠠᠳᠤ ᠨᠡᠭᠡᠭᠡᠯᠲᠡ ᠬᠢᠭᠰᠡᠨ ᠴᠤ ᠲᠡᠷᠡ᠂ ᠴᠥᠮ ᠬᠤᠣᠰ ᠴᠢᠭᠯᠡᠯ ᠤᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠷᠠᠭᠤᠯᠵᠤ᠂ ᠮᠠᠨ ᠤ ᠣᠷᠣᠨ ᠤ ᠬᠠᠷᠢᠴᠠᠩᠭᠤᠢ ᠲᠤᠲᠠᠭᠳᠠᠵᠤ ᠪᠠᠶᠢᠭ᠎ᠠ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ᠂ ᠠᠵᠤ ᠦᠢᠯᠡᠰ ᠢ | ᠣᠷᠣᠭᠤᠯᠵᠤ ᠠᠪᠴᠢᠷᠠᠬᠤ ᠪᠠᠷ ᠪᠠᠷᠠᠬᠤ ᠦᠭᠡᠢ᠂ ᠮᠠᠨ ᠤ ᠣᠷᠣᠨ ᠤ ᠳᠠᠪᠠᠭᠤᠯᠢᠭ ᠪᠣᠯᠬᠤ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠪᠣᠳᠣᠬᠤ ᠴᠢᠳᠠᠪᠤᠷᠢ᠂ | ᠪᠣᠬᠢᠷᠲᠤᠯ ᠦᠭᠡᠢ ᠢᠳᠡᠭᠡᠨ ᠵᠢᠴᠢ ᠥᠪᠡᠷᠮᠢᠴᠡ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠢᠶᠠᠨ ᠭᠠᠳᠠᠭᠰᠢ ᠭᠠᠷᠭᠠᠨ᠎ᠠ᠃ | ᠭᠠᠳᠠᠭᠰᠢ ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠎ᠡ᠃ ᠣᠷᠣᠰ ᠮᠣᠩᠭᠤᠯ ᠳᠤ ᠰᠠᠭᠤᠷᠢᠯᠠᠬᠤ ᠪᠣᠯᠪᠠᠴᠤ ᠣᠷᠣᠰ ᠮᠣᠩᠭᠤᠯ ᠳᠤ | ᠯᠡ ᠬᠢᠵᠠᠭᠠᠷᠯᠠᠭᠳᠠᠬᠤ ᠦᠭᠡᠢ ᠪᠠᠶᠢᠵᠤ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠠ ᠳᠣᠬᠢᠶᠠᠯ ᠢ ᠠᠳᠬᠤᠨ᠂ ᠨᠡᠩ ᠥᠨᠳᠥᠷ | ᠪᠠᠷᠢᠮᠵᠢᠶ᠎ᠠ ᠲᠠᠢ ᠳᠦᠷᠢᠮ ᠤᠨ ᠬᠡᠯᠪᠡᠷᠢ ᠪᠦᠬᠦᠢ ᠨᠡᠭᠡᠭᠡᠯᠲᠡ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠠ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠨᠡᠩ ᠭᠦᠨᠵᠡᠭᠡᠢ ᠣᠷᠣᠯᠴᠠᠨ᠂ ᠵᠡᠭᠦᠨ ᠬᠤᠶᠢᠲᠤ ᠠᠽᠢᠶ᠎ᠠ᠂ | ᠲᠥᠪ ᠠᠽᠢᠶ᠎ᠠ᠂ ᠡᠸᠦ᠋ᠷᠦᠫᠡ ᠲᠢᠪ ᠠᠮᠧᠷᠢᠺᠠ ᠲᠢᠪ᠂ ᠠᠦ᠋ᠰᠳ᠋ᠷᠠᠯᠢᠶ᠎ᠠ ᠰᠢᠨ᠎ᠡ ᠽᠢᠯᠠᠨᠳ᠋ ᠪᠠ ᠰᠢᠨ᠎ᠡ ᠪᠠᠷ ᠪᠣᠢ ᠪᠣᠯᠤᠭᠰᠠᠨ ᠠᠵᠤ ᠠᠬᠤᠢ ᠶᠢᠨ ᠴᠣᠭᠴᠠ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠢ ᠪᠤᠵᠠᠭᠠᠶᠢᠷᠠᠭᠤᠯᠵᠤ᠂ ᠭᠠᠷ ᠳᠠᠮᠵᠢᠭᠰᠠᠨ ᠮᠠᠰᠢᠨ ᠲᠡᠷᠭᠡ᠂ | ︽ᠰᠢᠨ᠎ᠡ ᠭᠤᠷᠪᠠᠨ ᠵᠦᠢᠯ︾᠂ ᠵᠠᠪᠰᠠᠷ ᠤᠨ ᠪᠦᠲᠦᠭᠡᠭᠳᠡᠬᠦᠨ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ | ᠥᠷᠭᠡᠳᠬᠡᠨ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠪᠠ ᠠᠵᠤ ᠦᠢᠯᠡᠰ ᠤᠨ ᠬᠦᠷᠢᠶᠡᠯᠡᠩ ᠢ ᠨᠢᠭᠡ ᠪᠦᠯᠦᠭ ᠪᠤᠶᠢᠵᠢᠭᠤᠯᠵᠤ᠂ | ᠭᠤᠣᠯᠳᠠᠯᠭ᠎ᠠ ᠪᠣᠯᠬᠤ ᠠᠷᠠᠯᠵᠢᠶᠠᠨ ᠤ ᠬᠠᠨᠢᠲᠠᠨ ᠤ ᠭᠠᠳᠠᠭᠠᠳᠤ ᠬᠥᠮᠥᠷᠭᠡ ᠶᠢ ᠨᠢᠭᠡ ᠪᠦᠯᠦᠭ ᠪᠠᠶᠢᠷᠢᠰᠢᠭᠤᠯᠤᠨ᠂ ᠬᠦᠬᠡᠬᠤᠲᠠ᠂ ᠤᠯᠠᠭᠠᠨᠴᠠᠪ ᠤᠨ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠡᠭᠡᠯᠵᠢ ᠶᠢᠨ ᠴᠤᠪᠤᠭ᠎ᠠ ᠲᠡᠷᠭᠡᠨ ᠤ ᠪᠠᠷᠠᠭᠠᠨ ᠤ ᠢᠷᠡᠯᠲᠡ ᠶᠢᠨ ᠲᠥᠪᠯᠡᠷᠡᠭᠦᠯᠵᠦ ᠬᠤᠪᠢᠶᠠᠷᠢᠯᠠᠬᠤ ᠴᠢᠳᠠᠪᠤᠷᠢ ᠪᠠ ᠪᠤᠴᠠᠬᠤ ᠳᠤ ᠪᠠᠨ ᠳᠦᠭᠦᠷᠡᠩ ᠠᠴᠢᠶᠠᠯᠠᠬᠤ | ᠨᠤᠷᠮ᠎ᠠ ᠶᠢ ᠨᠢ ᠳᠡᠭᠡᠭᠰᠢᠯᠡᠭᠦᠯᠦᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ 500 ᠠᠴᠠ ᠳᠠᠪᠠᠭᠤᠯᠵᠤ᠂ | ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1.3 ᠳ᠋ᠦᠩᠰᠢᠭᠤᠷ ᠲᠣᠨ ᠠᠴᠠ ᠳᠠᠪᠠᠭᠤᠯᠵᠤ᠂ ᠭᠠᠳᠠᠭᠠᠳᠤ ᠠᠷᠠᠯᠵᠢᠶᠠᠨ ᠤ ᠣᠷᠣᠭᠤᠯᠵᠤ | ᠭᠠᠷᠭᠠᠬᠤ ᠶᠡᠷᠦᠩᠬᠡᠢ ᠥᠷᠲᠡᠭ ᠢ 2200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠣᠷᠣᠨ ᠳᠤ ᠭᠠᠳᠠᠭᠠᠳᠤ | ᠨᠡᠭᠡᠭᠡᠯᠲᠡ ᠶᠢᠨ ᠬᠢᠯᠢ ᠶᠢᠨ ᠪᠣᠭᠤᠮᠲᠠ 20 ᠪᠠᠶᠢᠨ᠎ᠠ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠮᠣᠩᠭᠤᠯ ᠤᠨ ᠡᠷᠢᠶᠡᠨ | ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠮᠠᠨᠵᠤᠤᠷ ᠲᠡᠮᠦᠷ ᠵᠠᠮ ᠤᠨ ᠬᠢᠯᠢ ᠶᠢᠨ | ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠤ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ᠂ ᠡᠷᠢᠶᠡᠨ ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ | ᠬᠤᠶᠠᠳᠤᠭᠠᠷ ᠨᠡᠪᠲᠡᠷᠡᠯ ᠵᠠᠮ᠂ ᠮᠠᠨᠳᠤᠯ ᠬᠢᠯᠢ ᠶᠢᠨ ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ ᠤᠨ ᠶᠡᠭᠡ ᠬᠥᠭᠦᠷᠭᠡ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠂ ᠮᠠᠨᠵᠤᠤᠷ᠂ ᠡᠷᠢᠶᠡᠨ ᠬᠤᠲᠠ ᠶᠢᠨ | ᠣᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠢᠯᠢ ᠶᠢᠨ ᠪᠣᠭᠤᠮᠲᠠ ᠪᠠ ᠳᠣᠲᠣᠷ᠎ᠠ ᠭᠠᠵᠠᠷ | ᠬᠤᠯᠪᠤᠭᠠᠯᠠᠨ ᠬᠥᠳᠡᠯᠦᠯᠴᠡᠬᠦ᠂ ᠪᠣᠳᠠᠲᠠᠶᠢᠵᠢᠭᠤᠯᠤᠨ ᠤᠯᠠᠷᠢᠭᠤᠯᠬᠤ ᠪᠠᠨ ᠴᠢᠩᠭᠠᠷᠠᠭᠤᠯᠵᠤ᠂ ᠭᠠᠳᠠᠭᠠᠳᠤ ᠳᠤ ᠭᠠᠷᠭᠠᠬᠤ ᠲᠠᠸᠠᠷ ᠤᠨ ᠳᠡᠭᠡᠳᠦ ᠬᠡᠯᠬᠢᠶᠡᠨ ᠤ ᠢᠷᠡᠯᠲᠡ | ᠪᠠ ᠭᠠᠳᠠᠭᠠᠳᠤ ᠠᠴᠠ ᠣᠷᠣᠭᠤᠯᠬᠤ ᠲᠠᠸᠠᠷ ᠤᠨ ᠳᠣᠣᠷᠠᠳᠤ ᠬᠡᠯᠬᠢᠶᠡᠨ ᠤ ᠬᠠᠨᠳᠤᠰᠢ ᠶᠢ ᠭᠦᠨᠵᠡᠭᠡᠢ ᠰᠤᠳᠤᠯᠤᠨ᠂ ᠬᠡᠦᠷᠡᠰᠦᠨ ᠨᠡᠭᠦᠷᠡᠰᠦ᠂ ᠲᠡᠮᠦᠷ ᠤᠨ ᠬᠦᠳᠡᠷ᠂ | ᠠᠮᠤ ᠲᠣᠰᠣ᠂ ᠺᠠᠯᠢᠲᠤ ᠪᠣᠷᠳᠣᠭᠤᠷ᠂ ᠮᠣᠳᠣᠨ ᠮᠠᠲ᠋ᠧᠷᠢᠶᠠᠯ᠂ ᠬᠠᠶᠢᠯᠤᠭᠤᠷ ᠵᠤᠩᠰᠢ᠂ ᠢᠮᠠᠭᠠᠨ ᠨᠣᠣᠯᠣᠭᠤᠷ ᠵᠡᠷᠭᠡ ᠶᠢ ᠪᠣᠳᠠᠲᠠᠶᠢᠵᠢᠭᠤᠯᠵᠤ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠎ᠡ᠃ ᠡᠯ᠎ᠡ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠲᠤᠰ ᠪᠡᠶ᠎ᠡ ᠶᠢᠨ ᠢᠶᠠᠨ ᠳᠤᠲᠠᠭᠤᠳᠠᠯ ᠢ ᠣᠨᠣᠪᠴᠢᠲᠠᠢ ᠡᠷᠢᠵᠦ᠂ ᠬᠠᠨᠳᠤᠯᠭᠠᠲᠤ | ᠴᠢᠨᠠᠷᠲᠠᠢ ᠳᠡᠭᠡᠭᠰᠢᠯᠡᠭᠦᠯᠬᠦ ᠲᠥᠰᠥᠯ ᠢ ᠲᠣᠭᠲᠠᠭᠠᠨ᠂ ᠪᠠᠶᠢᠷᠢ ᠪᠠᠨ ᠳᠡᠭᠡᠭᠰᠢᠯᠡᠭᠦᠯᠦᠨ ᠳᠡᠰ ᠳᠡᠪᠰᠢᠬᠦ ᠪᠠᠨ ᠲᠦᠷᠭᠡᠳᠬᠡᠨ᠎ᠡ᠃ | ᠳᠣᠲᠣᠭᠠᠳᠤ ᠳᠤ ᠪᠠᠨ ᠣᠷᠣᠨ ᠪᠦᠰᠡ ᠶᠢᠨ ᠬᠤᠭᠤᠷᠤᠨᠳᠤᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ | ᠬᠦᠬᠡᠮᠦᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠣᠯᠣᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ | ᠭᠠᠵᠠᠷ ᠣᠷᠣᠨ ᠲᠠᠢ ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠳᠠᠭᠠᠭᠠᠨ ᠵᠠᠯᠭᠠᠭᠤᠯᠵᠤ᠂ | ᠡᠨᠧᠷᠬᠢ᠂ ᠡᠬᠢ ᠪᠠᠶᠠᠯᠢᠭ᠂ ᠪᠣᠳᠣᠬᠤ ᠴᠢᠳᠠᠪᠤᠷᠢ ᠵᠡᠷᠭᠡ ᠲᠠᠯ᠎ᠠ ᠪᠠᠷ ᠠᠵᠤ ᠠᠬᠤᠢ ᠶᠢᠨ ᠲᠣᠮᠣ ᠮᠤᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠣᠨᠴᠠᠭᠠᠶᠢᠯᠠᠨ | ᠬᠥᠭᠵᠢᠭᠰᠡᠨ ᠭᠠᠵᠠᠷ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠳᠤ ᠡᠯᠪᠡᠭ ᠳᠡᠯᠪᠡᠭ ᠬᠡᠷᠡᠭᠯᠡᠯᠲᠡ ᠶᠢᠨ ᠠᠬᠤᠢ | ᠪᠠᠶᠢᠳᠠᠯ ᠬᠠᠩᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠭᠡᠳᠬᠡᠨ᠎ᠡ᠂ ︽ᠵᠢᠷᠭᠤᠭ᠎ᠠ ᠶᠢ ᠲᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠪᠠ ︽ᠳᠦᠷᠪᠡᠨ ᠵᠦᠢᠯ ᠤᠨ ᠠᠵᠢᠯᠯᠠᠭᠠᠨ︾ ᠢ ᠥᠷᠭᠦᠯᠵᠢᠯᠡᠨ ᠥᠷᠨᠢᠭᠦᠯᠵᠦ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ᠂ ᠪᠣᠬᠢᠷᠲᠤᠯ ᠦᠭᠡᠢ | ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ᠂ ᠪᠣᠬᠢᠷᠲᠤᠯ ᠦᠭᠡᠢ ᠪᠣᠳᠣᠬᠤ ᠴᠢᠳᠠᠪᠤᠷᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠵᠡᠷᠭᠡ ᠲᠠᠯ᠎ᠠ ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭᠠᠨ᠎ᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠳᠤ ᠪᠠᠨ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠨ᠎ᠠ᠃ ᠵᠡᠭᠦᠨ ᠬᠡᠰᠡᠭ ᠤᠨ ᠲᠠᠪᠤᠨ | ᠠᠶᠢᠮᠠᠭ ᠬᠤᠲᠠ ︽ᠰᠦᠷ ᠵᠢᠪᠬᠤᠭ᠎ᠠ ᠪᠠᠨ ᠳᠠᠬᠢᠨ ᠪᠠᠳᠠᠷᠠᠭᠤᠯᠬᠤ︾ ᠠᠤᠭ᠎ᠠ ᠵᠣᠷᠢᠭ ᠢ ᠬᠥᠪᠴᠢᠯᠡᠵᠦ᠂ ᠰᠢᠨ᠎ᠡ ᠬᠥᠭᠵᠢᠯᠲᠡ ᠶᠢᠨ ᠳᠠᠪᠠᠭᠤᠯᠢᠭ ᠢ ᠬᠤᠯᠪᠤᠭᠠᠯᠠᠨ | ᠴᠣᠭᠴᠠᠯᠠᠨ᠎ᠠ᠃ ᠤᠯᠠᠭᠠᠨᠬᠠᠳᠠ᠂ ᠲᠦᠩᠯᠢᠶᠣᠣ ᠬᠤᠰᠢᠭᠤᠷᠠᠨ ᠠᠵᠢᠯᠯᠠᠵᠤ ᠪᠠᠶᠢᠭᠠᠳ ᠬᠥᠭᠵᠢᠨ ᠮᠠᠨᠳᠤᠯᠲᠠ ᠳᠤ ᠪᠠᠨ ᠬᠤᠷᠳᠤ ᠨᠡᠮᠡᠵᠦ ᠲᠦᠷᠦᠭᠦᠯᠡᠨ ᠤᠷᠤᠭᠰᠢᠯᠠᠨ᠎ᠠ᠃ | ᠬᠦᠬᠡᠬᠤᠲᠠ ᠪᠤᠭᠤᠲᠤ ᠣᠷᠳᠣᠰ ᠤᠯᠠᠭᠠᠨᠴᠠᠪ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠭᠤᠣᠯ ᠡᠭᠦᠷᠭᠡ ᠶᠢ ᠡᠭᠦᠷᠭᠡᠯᠡᠵᠦ᠂ ᠬᠤᠪᠢ ᠨᠡᠮᠡᠷᠢ ᠦᠵᠡᠭᠦᠯᠭᠦ | ᠮᠥᠷᠲᠡᠭᠡᠨ ᠣᠯᠠᠨ ᠲᠦᠮᠡᠨ ᠤ ᠴᠢᠨᠠᠷ ᠴᠢᠨᠰᠠᠭ᠎ᠠ ᠲᠠᠢ ᠠᠮᠢᠳᠤᠷᠠᠯ ᠪᠠ ᠨᠡᠶᠢᠭᠡᠮ ᠤᠨ ᠥᠨᠳᠥᠷ ᠬᠢᠷᠢ ᠲᠦᠪᠰᠢᠨ ᠪᠦᠬᠦᠢ ᠵᠠᠰᠠᠯᠲᠠ ᠶᠢᠨ ᠲᠠᠯ᠎ᠠ ᠪᠠᠷ | ᠲᠦᠷᠦᠭᠦᠨ ᠳᠤ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠵᠤ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠬᠤᠲᠠᠵᠢᠭᠤᠯᠬᠤ ᠪᠠᠷ ᠳᠠᠮᠵᠢᠭᠤᠯᠤᠨ | ᠪᠦᠬᠦ ᠣᠷᠣᠨ ᠤ ᠬᠥᠭᠵᠢᠯᠲᠡ ᠶᠢ ᠬᠥᠲᠥᠯᠥᠨ ᠳᠠᠶᠢᠴᠢᠯᠠᠬᠤ ᠭᠤᠣᠯ ᠬᠥᠳᠡᠯᠭᠡᠭᠦᠷ ᠢ ᠬᠦᠴᠦᠨ ᠬᠠᠮᠲᠤᠳᠬᠠᠨ ᠴᠣᠭᠴᠠᠯᠠᠨ᠎ᠠ᠃ ᠪᠠᠷᠠᠭᠤᠨ ᠬᠡᠰᠡᠭ ᠤᠨ ᠭᠤᠷᠪᠠᠨ | ᠠᠶᠢᠮᠠᠭ ᠬᠤᠲᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠪᠠᠨ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠬᠡᠵᠦ | ᠳᠡᠭᠡᠭᠰᠢᠯᠡᠭᠦᠯᠬᠦ ᠪᠠᠨ ᠲᠦᠷᠭᠡᠳᠬᠡᠵᠦ᠂ ᠵᠠᠯᠭᠠᠨ ᠠᠪᠴᠤ ᠣᠷᠣᠯᠠᠭᠤᠯᠵᠤ ᠪᠣᠯᠬᠤ ᠠᠵᠤ ᠦᠢᠯᠡᠰ ᠢ ᠬᠠᠮᠲᠤ ᠪᠠᠷ ᠪᠤᠶᠢᠵᠢᠭᠤᠯᠤᠨ᠎ᠠ᠃ ᠦᠬᠠᠢ ᠵᠢᠴᠢ ᠡᠷᠭᠢᠨ | ᠲᠣᠭᠤᠷᠢᠨ ᠤ ᠭᠠᠵᠠᠷ ᠣᠷᠣᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠪᠠᠨ ᠴᠢᠩᠭᠠᠷᠠᠭᠤᠯᠵᠤ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ ᠬᠥᠭᠵᠢᠯᠲᠡ ᠶᠢᠨ ᠪᠦᠬᠦᠯᠢ ᠴᠣᠭᠴᠠ ᠶᠢᠨ | ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠠᠶᠠᠨᠨᠠᠭᠤᠷ ᠨᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠲᠣᠭᠤᠷᠢᠭ ᠤᠨ ᠲᠠᠪᠴᠠᠩ ᠢ ᠰᠠᠶᠢᠲᠤᠷ ᠠᠰᠢᠭᠯᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠨᠡᠷ᠎ᠡ ᠨᠢᠳᠡᠷ ᠲᠤ ᠪᠠᠨ ᠲᠡᠩᠴᠡᠭᠰᠡᠨ ︽ | ᠪᠣᠭᠤᠮᠲᠠ ᠶᠢᠨ ᠭᠠᠳᠠᠨᠠᠬᠢ ᠠᠮᠤ ᠶᠢᠨ ᠰᠠᠩ︾ ᠪᠣᠯᠭᠠᠨ ᠪᠠᠶᠢᠭᠤᠯᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ᠃ | |