2025·ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 11
ᠨᠡᠶᠢᠲᠡᠯᠡᠭᠰᠡᠨ ᠴᠠᠭ᠄
2025/1/24
       ︵ᠶᠢᠰᠦ︶ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠬᠥᠲᠥᠯᠥᠮᠵᠢ ᠪᠣᠯᠭᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠣᠯ ᠪᠢᠳᠡᠨ ᠤ ᠪᠠᠲᠤ ᠴᠡᠭᠡᠵᠢᠯᠡᠭᠦᠰᠢᠲᠡᠢ ︽ᠤᠯᠤᠰ ᠤᠨ ᠶᠡᠭᠡ ᠶᠠᠪᠤᠳᠠᠯ︾ ᠪᠣᠯᠣᠨ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠂ ᠪᠦᠬᠦ ᠬᠦᠴᠦᠨ ᠵᠦᠢᠯ ᠪᠦᠬᠦ ᠲᠠᠯ᠎ᠠ ᠶᠢᠨ ᠵᠠᠰᠠᠯᠲᠠ ᠶᠢᠨ ᠪᠠᠶᠢᠷᠢᠰᠢᠯ ᠢ ᠴᠣᠭᠴᠠᠯᠠᠵᠤ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃       ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠭᠦᠯᠵᠢᠯᠡᠨ ᠰᠠᠶᠢᠲᠤᠷ ᠬᠢᠨ᠎ᠡ᠃ ᠬᠠᠲᠤᠨ ᠭᠤᠣᠯ ᠤᠨ ︽ᠶᠡᠭᠡ ᠲᠣᠬᠤᠢ︾ ᠶᠢᠨ ᠡᠷᠭᠢ ᠳᠠᠭᠠᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠴᠢᠳᠦᠷᠯᠡᠬᠦ ᠤᠢ ᠶᠢᠨ ᠪᠦᠰᠡ ᠶᠢ ᠪᠦᠬᠦ ᠱᠤᠭᠤᠮ ᠢᠶᠠᠷ ᠨᠡᠪᠲᠡᠷᠡᠭᠦᠯᠬᠦ ᠶᠢ ᠠᠬᠢᠭᠤᠯᠤᠨ᠂ ᠪᠠᠳᠠᠢ ᠶᠢᠨ ᠵᠢᠷᠠᠨ᠂ ᠲᠡᠭᠷᠢ ᠡᠯᠡᠰᠦ ᠶᠢᠨ ᠵᠠᠬ᠎ᠠ ᠶᠢ ᠴᠢᠳᠦᠷᠯᠡᠬᠦ ᠣᠢ ᠶᠢᠨ ᠪᠦᠰᠡ ᠶᠢᠨ ︽ᠠᠮᠠ ᠰᠡᠭᠡᠷ ᠵᠣᠯᠭᠠᠬᠤ︾ ᠶᠢ ᠪᠡᠶᠡᠯᠡᠭᠦᠯᠵᠦ᠂ 2000 ᠭᠠᠷᠤᠢ ᠲᠦᠮᠡᠨ ᠮᠦ ᠡᠯᠡᠰᠦ ᠶᠢ ᠵᠠᠰᠠᠵᠤ᠂ ᠡᠯᠡᠰᠦᠨ ᠴᠦᠯ ᠢ ᠰᠤᠨᠳᠠᠯᠠᠭᠰᠠᠨ ᠵᠠᠰᠠᠮᠠᠯ ᠵᠠᠮ ᠢ 2500 ᠺᠢᠯᠣᠮᠧᠳ᠋ᠷ ᠪᠦᠲᠦᠭᠡᠨ ᠪᠠᠶᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠥᠷᠭᠦᠯᠵᠢᠯᠡᠨ ᠠᠬᠢᠭᠤᠯᠵᠤ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ ᠰᠢᠨ᠎ᠡ ᠪᠠᠷ ᠪᠠᠶᠢᠭᠤᠯᠤᠨ᠂ 140 ᠲᠦᠮᠡᠨ ᠮᠦ ᠡᠯᠡᠰᠦ ᠶᠢ ᠵᠠᠰᠠᠵᠤ᠂ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ︾ ᠤᠨ ᠪᠦᠲᠦᠭᠡᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃       ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠮᠠᠨ ᠤ ᠣᠷᠣᠨ ᠨᠢᠭᠡ ᠲᠠᠯ᠎ᠠ ᠪᠠᠷ ᠤᠰᠤ ᠲᠤᠲᠠᠭᠳᠠᠵᠤ᠂ ᠨᠦᠬᠦᠬᠡ ᠲᠠᠯ᠎ᠠ ᠪᠠᠷ ᠤᠰᠤ ᠬᠡᠷᠡᠭᠯᠡᠬᠦ ᠠᠷᠭ᠎ᠠ ᠮᠠᠶ᠋ᠢᠭ ᠪᠦᠳᠦᠭᠦᠯᠢᠭ ᠪᠠᠶᠢᠳᠠᠭ ᠠᠴᠠ ᠤᠰᠤ ᠠᠷᠪᠢᠯᠠᠬᠤ ᠶᠢ ᠰᠠᠶᠢᠲᠤᠷ ᠠᠳᠬᠤᠬᠤ ᠠᠵᠢᠯ ᠢ ᠣᠨᠨᠲᠤ ᠠᠯᠭᠤᠷᠯᠠᠵᠤ ᠪᠣᠯᠬᠤ ᠦᠭᠡᠢ᠃ ᠲᠠᠷᠢᠶᠠᠯᠠᠩ ᠤᠨ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠰᠢᠶᠠᠨ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠣᠪᠦ᠋ᠢᠯᠭᠠᠨ᠎ᠠ᠂ ᠨᠡᠭᠡᠭᠡᠯᠲᠡ ᠶᠢᠨ ᠲᠣᠭᠤᠷᠢᠭ ᠪᠦᠬᠦᠨ ᠳᠤ ᠲᠡᠷᠢᠭᠦᠨ ᠤ ᠤᠰᠤ ᠠᠷᠪᠢᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠂ ᠰᠢᠨ᠎ᠡ ᠪᠠᠷ ᠲᠣᠬᠢᠷᠠᠭᠤᠯᠤᠭᠰᠠᠨ ᠲᠥᠷᠥᠯ ᠵᠦᠢᠯ ᠤᠨ ᠣᠰᠣᠨ ᠤ ᠠᠰᠢᠭᠯᠠᠮᠵᠢ ᠶᠢ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ ᠬᠡᠮᠵᠢᠭᠳᠡᠯ ᠠᠴᠠ ᠳᠣᠣᠷ᠎ᠠ ᠦᠭᠡᠢ ᠪᠠᠶᠢᠯᠭᠠᠵᠤ᠂ ᠲᠦᠮᠡᠨ ᠲᠥᠭᠦᠷᠢᠭ ᠤᠨ GDP ᠲᠤ ᠬᠡᠷᠡᠭᠯᠡᠬᠦ ᠣᠰᠣᠨ ᠤ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠤ ᠬᠡᠷᠡᠭᠯᠡᠬᠦ ᠤᠰᠤᠨ ᠤ ᠬᠡᠮᠵᠢᠶᠡᠨ ᠤ ᠲᠠᠯ᠎ᠠ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠠᠮᠢᠳᠤᠷᠠᠯ ᠳᠤ ᠬᠡᠷᠡᠭᠯᠡᠬᠦ ᠤᠰᠤ ᠶᠢ ᠠᠷᠪᠢᠯᠠᠬᠤ ᠳᠤ ᠨᠠᠷᠢᠨ ᠨᠢᠮᠪᠠᠢ ᠪᠣᠳᠣᠵᠦ ᠲᠥᠯᠥᠪᠯᠡᠨ᠎ᠡ᠂ ᠬᠤᠲᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠨᠢᠭᠡ ᠪᠦᠯᠦᠭ ᠤᠰᠤ ᠠᠷᠪᠢᠯᠠᠬᠤ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠵᠦ ᠪᠠᠶᠢᠭᠤᠯᠤᠨ᠂ ᠤᠰᠤ ᠠᠷᠪᠢᠯᠠᠬᠤ ᠬᠠᠮᠢᠶᠠᠷᠤᠯᠲᠠ ᠶᠢᠨ ᠣᠶᠤᠨᠴᠢ ᠲᠠᠪᠴᠠᠩ ᠢ ᠴᠣᠭᠴᠠᠯᠠᠵᠤ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠨᠤᠷᠮ᠎ᠠ ᠶᠢ ᠲᠦᠷᠭᠡᠬᠡᠨ ᠳᠣᠷᠣᠭᠰᠢᠯᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠬᠡᠮᠵᠢᠶᠡᠯᠡᠨ ᠪᠣᠳᠣᠬᠤ ᠨᠤᠷᠮ᠎ᠠ ᠶᠢ ᠲᠦᠷᠭᠡᠬᠡᠨ ᠳᠡᠭᠡᠭᠰᠢᠯᠡᠭᠦᠯᠦᠨ᠎ᠡ᠃ ᠪᠠᠶᠢᠩᠭᠤ ᠶᠢᠨ ᠪᠤᠰᠤ ᠤᠰᠤ ᠶᠢ ᠰᠠᠶᠢᠲᠤᠷ ᠠᠰᠢᠭᠯᠠᠬᠤ ᠨᠢ ᠴᠦ ᠤᠰᠤ ᠠᠷᠪᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠳᠠᠬᠢᠯᠲᠠ ᠤᠰᠤ ᠶᠢ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠮᠵᠢ ᠶᠢ 60% ᠠᠴᠠ ᠳᠡᠭᠡᠭᠰᠢ ᠳᠤ ᠬᠦᠷᠦᠭᠦᠯᠵᠦ᠂ ᠠᠭᠤᠷᠬᠠᠢ ᠶᠢᠨ ᠬᠤᠳᠳᠤᠭ ᠤᠨ ᠰᠢᠪᠬᠠᠷᠤᠤ ᠶᠢᠨ ᠠᠰᠢᠭᠯᠠᠮᠵᠢ ᠶᠢ 70% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃       ᠴᠡᠯᠮᠡᠭ ᠲᠡᠭᠷᠢ ᠲᠤᠩᠭᠠᠯᠠᠭ ᠤᠰᠤ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠷᠭᠦᠯᠵᠢᠯᠡᠨ ᠬᠦᠴᠦᠯᠡᠨ ᠠᠳᠬᠤᠵᠤ᠂ ᠠᠳᠠᠯᠢ ᠲᠥᠷᠥᠯ ᠤᠨ ᠠᠰᠠᠭᠤᠳᠠᠯ ᠳᠠᠪᠲᠠᠨ ᠢᠯᠡᠷᠡᠬᠦ ᠶᠢ ᠡᠷᠡᠰ ᠬᠤᠷᠢᠭᠯᠠᠨ᠎ᠠ᠃ ᠬᠦᠬᠡᠬᠤᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ ᠭᠦᠨᠵᠡᠭᠡᠶᠢᠷᠡᠭᠦᠯᠵᠦ᠂ ᠬᠦᠨᠳᠦ ᠪᠣᠬᠢᠷᠲᠤᠭᠰᠠᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠭᠤᠣᠯᠳᠠᠯᠭ᠎ᠠ ᠪᠣᠯᠬᠤ ᠠᠵᠢᠯ ᠲᠥᠷᠥᠯ ᠤᠨ ᠪᠣᠬᠢᠷᠲᠤᠯ ᠤᠨ ᠭᠦᠨᠵᠡᠭᠡᠢ ᠵᠠᠰᠠᠯᠲᠠ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠦᠷ᠎ᠡ ᠪᠦᠲᠦᠭᠡᠯ ᠢ ᠪᠠᠬᠢᠵᠢᠭᠦᠯᠦᠨ᠂ ︽ᠬᠥᠯᠥᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠤᠨ ᠬᠠᠮᠠᠭᠠᠯᠠᠯᠲᠠ ᠵᠠᠰᠠᠯᠲᠠ ᠪᠠᠨ ᠴᠢᠩᠭᠠᠳᠬᠠᠵᠤ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠤᠨ ᠵᠠᠰᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠦᠬᠠᠢ ᠨᠠᠭᠤᠷ ᠤᠨ ᠴᠦᠬᠦᠷᠦᠮ ᠤᠨ ᠣᠷᠣᠨ ᠤ ᠨᠥᠯᠥᠮᠡᠯ ᠰᠢᠪᠠᠷ ᠢ ᠠᠷᠢᠯᠭᠠᠨ ᠴᠡᠪᠡᠷᠯᠡᠬᠦ ᠵᠢᠴᠢ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠶᠢ ᠨᠢᠭᠡ ᠴᠣᠭᠴᠠᠵᠢᠭᠤᠯᠤᠨ ᠵᠠᠰᠠᠬᠤ ᠠᠵᠢᠯ ᠢ ᠲᠤᠷᠰᠢᠨ ᠠᠬᠢᠭᠤᠯᠵᠤ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢ ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭᠠᠲᠤ ᠨᠢᠭᠡᠴᠢ ᠶᠢᠨ ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠᠨ ᠴᠢᠩᠭᠠᠳᠬᠠᠨ᠎ᠠ᠃       ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠦᠭᠡᠢ ᠬᠥᠭᠵᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠡᠨᠧᠷᠬᠢ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠬᠡᠷᠡᠭᠯᠡᠬᠦ ᠪᠠᠨ ᠲᠦᠷᠭᠡᠳᠬᠡᠵᠦ᠂ ᠪᠦᠬᠦ ᠤᠯᠤᠰ ᠤᠨ ᠨᠡᠭᠦᠷᠡᠰᠦᠳᠦ᠋ᠷᠦᠭᠴᠢ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ︾ ᠳᠤ ᠵᠣᠬᠢᠴᠠᠭᠰᠠᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ 2.0 ᠪᠠᠷᠯᠠᠯ ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠶᠢᠨ ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ᠃ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠨ᠎ᠠ᠂ ᠮᠠᠨ ᠤ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ ᠤᠳᠠᠯ ᠦᠭᠡᠢ ︽ᠬᠡᠷᠡᠭᠴᠡᠭᠡᠨ ᠠᠴᠠ ᠭᠠᠷᠬᠤ ᠥᠷᠨᠢᠯ︾ ᠢ ᠤᠭᠲᠤᠬᠤ ᠪᠣᠯᠣᠨ᠎ᠠ᠂ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠪᠤᠭᠤᠲᠤ ᠶᠢᠨ ᠰᠠᠯᠬᠢᠨ ᠬᠦᠴᠦᠨ ᠤ ᠴᠠᠬᠢᠯᠭᠠᠨ ᠤ ᠬᠡᠷᠡᠭᠴᠡᠭᠡᠨ ᠠᠴᠠ ᠭᠠᠷᠤᠭᠰᠠᠨ ᠲᠣᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ᠂ ᠣᠷᠳᠣᠰ ᠤᠨ ᠳᠡᠭᠡᠳᠦ ᠬᠥᠩᠭᠡᠨᠴᠠᠭᠠᠨᠲᠤ ᠨᠤᠨᠳᠠᠭ ᠨᠡᠭᠦᠷᠡᠰᠦᠨ ᠤ ᠦᠨᠡᠰᠦ ᠪᠠ ᠳᠠᠬᠢᠯᠲᠠ ᠬᠥᠩᠭᠡᠨᠴᠠᠭᠠᠨ ᠤ ᠡᠬᠢ ᠪᠠᠶᠠᠯᠢᠭ ᠢ ᠠᠰᠢᠭᠯᠠᠬᠤ ᠰᠠᠭᠤᠷᠢᠨ ᠭᠠᠵᠠᠷ᠂ ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠣᠯᠠᠨ ᠬᠦᠷᠢᠶ᠎ᠡ ᠴᠠᠷᠠᠭᠠᠨ ᠳᠤ ︽ᠬᠠᠶᠠᠭᠳᠠᠮᠠᠯ ᠢ ᠬᠤᠪᠣᠷ ᠡᠷᠳᠡᠨᠢ ᠪᠤᠯᠭᠠᠬᠤ︾ ᠶᠢ ᠪᠡᠶᠡᠯᠡᠭᠦᠯᠦᠨ᠎ᠡ᠃       ︵ᠠᠷᠪᠠ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠨᠢᠳᠤᠨᠤᠨ ᠮᠠᠨ ᠤ ᠣᠷᠣᠨ ᠤ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠵᠤ᠂ ᠡᠨᠡ ᠵᠢᠯ ᠬᠡᠳᠦᠢ ᠬᠦᠴᠢᠷ ᠪᠠᠶᠢᠭᠰᠠᠨ ᠴᠦ ᠪᠠᠷᠢᠮᠵᠢᠶᠠᠨ ᠠᠴᠠ ᠥᠯᠥ ᠪᠠᠭᠤᠷᠠᠭᠤᠯᠤᠨ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠠᠭᠤᠷᠢ ᠱᠤᠭᠤᠮ ᠢ ᠪᠠᠲᠤ ᠰᠠᠬᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠤᠯᠠᠨ ᠨᠡᠶᠢᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃       ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠣᠨ᠎ᠠ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠨ ᠠᠵᠤ ᠦᠢᠯᠡᠰ ᠪᠠ ᠠᠵᠢᠯ ᠣᠯᠭᠤᠯᠲᠠ ᠶᠢᠨ ᠬᠠᠷᠢᠯᠴᠠᠨ ᠠᠬᠢᠭᠤᠯᠵᠤ ᠬᠠᠮᠲᠤ ᠪᠠᠷ ᠳᠠᠪᠰᠢᠬᠤ ᠶᠢ ᠠᠬᠢᠭᠤᠯᠤᠨ᠎ᠠ᠃ ᠮᠠᠨ ᠤ ᠣᠷᠣᠨ ᠤ ᠲᠦᠮᠡᠨ ᠳ᠋ᠦᠩᠰᠢᠭᠤᠷ ᠲᠥᠭᠦᠷᠢᠭ ᠰᠢᠬᠠᠮ ᠤᠨ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠳᠤ ᠠᠵᠤ ᠦᠢᠯᠡᠰ ᠤᠨ ᠪᠡᠯᠡ ᠣᠷᠣᠭᠤᠯᠤᠯᠲᠠ ᠪᠠᠷᠤᠭ ᠠᠷᠪᠠᠨ ᠤ ᠳᠣᠯᠣᠭᠠᠨ ᠬᠤᠪᠢ ᠶᠢ ᠡᠵᠡᠯᠡᠭᠰᠡᠨ ᠪᠣᠯᠪᠠᠴᠤ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ ᠳᠠᠶᠢᠴᠢᠯᠠᠭᠰᠠᠨ ᠢᠶᠠᠷ ᠪᠠᠷᠤᠭᠲᠠᠢ ᠪᠠᠶᠢᠵᠤ᠂ ︽ᠬᠥᠮᠥᠨ ᠪᠠᠶᠢᠭᠠᠳ ᠬᠢᠬᠦ ᠠᠵᠢᠯ ᠦᠭᠡᠢ︾ ᠮᠥᠷᠲᠡᠭᠡᠨ ︽ᠠᠵᠢᠯ ᠪᠠᠶᠢᠭᠠᠳ ᠬᠢᠬᠦ ᠬᠥᠮᠥᠨ ᠦᠭᠡᠢ︾ ᠪᠠᠶᠢᠳᠠᠯ ᠣᠷᠣᠰᠢᠵᠤ ᠪᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ᠂ ᠠᠵᠤ ᠦᠢᠯᠡᠰ ᠢ ᠪᠣᠳᠠᠲᠠᠶᠢᠵᠢᠭᠤᠯᠬᠤ ᠶᠢ ᠠᠳᠬᠤᠬᠤ ᠳᠤ ᠪᠠᠨ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ ᠬᠡᠷᠬᠢᠨ ᠨᠡᠩ ᠣᠯᠠᠨ ᠳᠠᠶᠢᠴᠢᠯᠠᠬᠤ ᠶᠢ ᠵᠡᠷᠭᠡ ᠳᠤ ᠨᠢ ᠪᠣᠳᠣᠯᠬᠢᠯᠠᠨ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠰᠤᠳᠤᠯᠬᠤ ᠳᠤ ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠡᠷᠭᠡ ᠳᠤ ᠨᠢ ᠰᠤᠳᠤᠯᠤᠨ᠂ ᠤᠷ᠎ᠠ ᠮᠡᠷᠭᠡᠰᠢᠯ ᠤᠨ ᠪᠣᠯᠪᠠᠰᠤᠷᠠᠯ᠂ ᠠᠵᠢᠯ ᠣᠯᠭᠤᠬᠤ ᠵᠢᠯᠣᠭᠤᠳᠤᠯᠭ᠎ᠠ ᠶᠢ ᠤᠷᠢᠳᠴᠢᠯᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠤ ᠠᠬᠤᠶᠢᠯᠠᠯ ᠳᠤ ᠴᠢᠳᠠᠪᠤᠷᠢᠲᠠᠨ ᠬᠠᠩᠭᠠᠬᠤ ᠶᠢ ᠵᠡᠷᠭᠡ ᠳᠤ ᠨᠢ ᠠᠬᠢᠭᠤᠯᠤᠨ᠂ ᠵᠠᠪᠰᠠᠷ ᠦᠭᠡᠢ ᠵᠣᠯᠭᠠᠭᠤᠯᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠᠨ ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠲᠤ ᠶᠠᠮᠠᠷ ᠴᠢᠳᠠᠪᠤᠷᠢᠲᠠᠨ ᠴᠢᠬᠤᠯᠠᠲᠠᠢ ᠪᠣᠯ ᠲᠡᠶᠢᠨ ᠬᠦ ᠴᠢᠳᠠᠪᠤᠷᠢᠲᠠᠨ ᠢ ᠬᠥᠮᠥᠵᠢᠭᠦᠯᠵᠦ ᠬᠠᠩᠭᠠᠨ᠎ᠠ᠃ ᠣᠨᠴᠠᠭᠠᠢ ᠬᠥᠮᠥᠰ ᠲᠤ ᠠᠵᠢᠯ ᠣᠯᠭᠤᠬᠤ ᠶᠢ ᠣᠨᠴᠠᠭᠠᠶᠢᠯᠠᠨ ᠠᠩᠬᠠᠷᠴᠤ᠂ ᠭᠤᠣᠯᠳᠠᠯᠭ᠎ᠠ ᠲᠠᠢ ᠪᠠᠲᠤᠯᠠᠵᠤ᠂ ᠨᠠᠰᠤ ᠠᠬᠢᠭᠰᠠᠨ᠂ ᠵᠡᠮᠳᠡᠭ ᠵᠡᠷᠡᠮᠳᠡᠭ᠂ ᠠᠵᠢᠯ ᠠᠯᠳᠠᠭᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠨᠢᠭᠡ ᠬᠥᠮᠥᠨ ᠨᠢ ᠴᠦ ᠠᠵᠢᠯ ᠣᠯᠣᠭᠰᠠᠨ ᠦᠭᠡᠢ ᠭᠡᠷ ᠪᠦᠯᠢ︾ ᠶᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ ᠪᠠᠲᠤᠯᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ