2025·ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 12
ᠨᠡᠶᠢᠲᠡᠯᠡᠭᠰᠡᠨ ᠴᠠᠭ᠄
2025/1/24
       ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠪᠣᠯᠣᠨ᠎ᠠ᠂ ᠰᠠᠶᠢᠨ ᠰᠤᠷᠭᠠᠨ ᠬᠥᠮᠦᠵᠢᠯ ᠪᠠᠶᠢᠬᠤ ᠦᠭᠡᠢ ᠪᠣᠯ ᠴᠢᠳᠠᠪᠤᠷᠢᠲᠠᠳ ᠢ ᠦᠯᠡᠳᠡᠭᠡᠵᠦ ᠴᠢᠳᠠᠬᠤ ᠦᠭᠡᠢ ᠮᠥᠷᠲᠡᠭᠡᠨ ᠬᠥᠮᠥᠨ ᠠᠮᠠ ᠶᠢ ᠴᠦ ᠬᠤᠴᠣᠷᠭᠠᠨ ᠠᠪᠴᠤ ᠴᠢᠳᠠᠬᠤ ᠦᠭᠡᠢ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠶᠢ ᠭᠤᠣᠯᠳᠠᠯᠭ᠎ᠠ ᠲᠠᠢ ᠠᠳᠬᠤᠨ᠂ ᠨᠠᠶᠢᠳᠠᠵᠤ ᠰᠠᠭᠠᠲᠠᠭᠤᠯᠬᠤ ᠦᠢᠯᠡᠴᠢᠯᠡᠭᠡ ᠶᠢ ᠴᠦ ᠰᠠᠶᠢᠲᠤᠷ ᠬᠢᠵᠦ᠂ ᠵᠠᠯᠠᠭᠤᠴᠤᠳ ᠤᠨ ᠰᠠᠨᠠᠭᠠᠰᠢᠷᠠᠨ ᠵᠣᠪᠠᠨᠢᠵᠤ ᠪᠠᠶᠢᠭ᠎ᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠩᠭᠢᠯᠠᠭ᠎ᠠ ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ᠂ ᠲᠡᠩᠴᠡᠭᠦᠷᠢ ᠦᠭᠡᠢ ᠠᠰᠠᠭᠤᠳᠠᠯ ᠢ ᠰᠢᠢᠳᠪᠦᠷᠢᠯᠡᠬᠦ ᠳᠤ ᠪᠠᠶᠢᠨ᠎ᠠ᠂ ᠴᠢᠨᠠᠷᠵᠢᠭᠤᠨ ᠰᠤᠷᠭᠠᠭᠤᠯᠢ ᠨᠢ ᠠᠨᠠᠶᠢᠬᠠᠨ ᠰᠤᠷᠭᠠᠭᠤᠯᠢ ᠪᠠᠨ ᠳᠠᠭᠠᠭᠤᠯᠬᠤ᠂ ᠬᠤᠲᠠ ᠬᠥᠳᠡᠭᠡ ᠰᠢᠰᠲ᠋ᠧᠮ ᠢᠶᠠᠷ ᠢᠶᠠᠨ ᠲᠤᠰᠠᠯᠠᠬᠤ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠤ᠂ ᠪᠦᠯᠬᠦᠮ ᠨᠡᠶᠢᠲᠡ ᠶᠢᠨ ᠰᠤᠷᠭᠠᠨ ᠬᠥᠮᠦᠵᠢᠯ ᠤᠨ ᠬᠤᠭᠤᠷᠤᠨᠳᠤᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠢᠯᠠᠩᠭᠤᠶ᠎ᠠ ᠤᠤᠯ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠨᠤᠭᠤᠳ ᠢ ᠴᠢᠨᠠᠷᠯᠢᠭ ᠡᠩ ᠤᠨ ᠰᠤᠷᠭᠠᠭᠤᠯᠢ ᠨᠤᠭᠤᠳ ᠯᠤᠭ᠎ᠠ ᠬᠤᠣᠰᠯᠠᠯ ᠪᠣᠯᠭᠠᠵᠤ ᠬᠠᠮᠲᠤ ᠪᠠᠷ ᠪᠦᠲᠦᠭᠡᠨ ᠪᠠᠶᠢᠭᠤᠯᠬᠤ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠠᠶᠢᠴᠢᠯᠠᠨ ᠲᠡᠬᠡᠭᠰᠢᠯᠡᠬᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠨᠢ ᠣᠨᠴᠠᠯᠢᠬᠵᠢᠭᠤᠯᠤᠨ ᠣᠯᠠᠨ ᠶᠠᠩᠵᠤᠴᠢᠯᠠᠨ ᠰᠤᠷᠭᠠᠭᠤᠯᠢ ᠡᠷᠬᠢᠯᠡᠬᠦ ᠶᠢ ᠳᠣᠪᠦ᠋ᠢᠯᠭᠠᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠨᠢᠭᠡ ᠪᠦᠯᠦᠭ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡ ᠪᠦᠯᠦᠭ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠲᠦᠷᠦᠯ ᠬᠤᠪᠢᠶᠠᠨ ᠪᠦᠲᠦᠭᠡᠨ ᠪᠠᠶᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠰᠠᠭᠠᠳ ᠦᠭᠡᠢ ᠨᠡᠪᠲᠡᠷᠡᠬᠦ ᠵᠠᠮ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠨᠡᠩ ᠣᠯᠠᠨ ᠰᠠᠶᠢᠨ ᠪᠠᠭᠰᠢ᠂ ᠰᠠᠶᠢᠨ ᠵᠠᠬᠢᠷᠤᠯ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ᠂ ᠣᠨᠴᠠᠭᠠᠶᠢᠯᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ ᠪᠠᠶᠢᠭᠠᠳ ᠨᠡᠩ ᠣᠯᠠᠨ ᠪᠡᠭᠡᠵᠢᠩ ᠤᠨ ᠪᠠᠭᠰᠢ ᠨᠠᠷ ᠢ ᠲᠠᠲᠠᠵᠤ ᠥᠪᠥᠷ ᠮᠣᠩᠭᠤᠯ ᠳᠤ ᠢᠷᠡᠵᠦ ᠠᠵᠢᠯᠯᠠᠭᠤᠯᠤᠨ᠎ᠠ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠶᠣᠰᠣ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃       ᠣᠯᠠᠨ ᠲᠦᠮᠡᠨ ᠢ ᠭᠡᠷ ᠤᠨ ᠢᠶᠠᠨ ᠣᠶᠢᠷ᠎ᠠ ᠬᠠᠪᠢ ᠳᠤ ᠡᠪᠡᠳᠴᠢᠨ ᠡᠮᠭᠡᠭ ᠢᠶᠠᠨ ᠰᠠᠶᠢᠲᠤᠷ ᠡᠮᠨᠡᠭᠦᠯᠵᠦ ᠳᠡᠶᠢᠯᠬᠦ ᠪᠣᠯᠭᠠᠨ᠎ᠠ᠃ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠵᠢᠭᠦᠯᠦᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠰᠢᠤᠸᠠᠨ ᠦ᠋ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠬᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 4 ᠡᠮᠴᠢᠯᠡᠭᠡᠨ ᠤ ᠲᠥᠪ ᠢ ᠰᠠᠶᠢᠲᠤᠷ ᠪᠦᠲᠦᠭᠡᠨ ᠪᠠᠶᠢᠭᠤᠯᠤᠨ ᠰᠠᠶᠢᠲᠤᠷ ᠡᠵᠡᠩᠨᠡᠨ ᠠᠵᠢᠯᠯᠠᠭᠤᠯᠵᠤ᠂ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠨᠢᠭᠡ ᠪᠦᠯᠦᠭ ᠣᠨᠴᠠᠯᠢᠭ ᠲᠠᠢ ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠶᠢ ᠴᠣᠭᠴᠠᠯᠠᠨ᠎ᠠ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠶᠢ ᠠᠬᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ ᠠᠬᠢᠭᠤᠯᠤᠨ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠪᠠᠶᠢᠩᠭᠤᠰᠢᠭᠰᠠᠨ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠷᠠᠭᠤᠯᠵᠤ᠂ ᠠᠷᠠᠳ ᠲᠦᠮᠡᠨ ᠤ ᠡᠮᠨᠡᠭᠦᠯᠵᠦ ᠵᠠᠰᠠᠭᠤᠯᠬᠤ ᠵᠣᠭᠤᠰ ᠢ ᠨᠢ ᠰᠠᠶᠢᠲᠤᠷ ᠬᠠᠮᠠᠭᠠᠯᠠᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠠᠷᠠᠳ ᠲᠤ ᠳᠦᠭᠦᠮ ᠦᠵᠡᠭᠦᠯᠬᠦ ᠨᠡᠩ ᠣᠯᠠᠨ ᠬᠢᠲᠠᠳ ᠡᠮᠨᠡᠯᠭᠡ ᠶᠢᠨ ᠣᠷᠳᠣᠨ᠂ ᠮᠣᠩᠭᠤᠯ ᠡᠮᠨᠡᠯᠭᠡ ᠶᠢᠨ ᠣᠷᠳᠣᠨ ᠢ ᠪᠠᠶᠢᠭᠤᠯᠤᠨ᠂ ᠣᠯᠠᠨ ᠲᠦᠮᠡᠨ ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃       ︵ᠠᠷᠪᠠᠨ ᠨᠢᠭᠡ︶ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠷᠡᠰ ᠪᠠᠬᠢᠵᠢᠭᠦᠯᠦᠨ᠎ᠡ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠪᠢᠳᠡ ᠡᠭᠦᠷᠭᠡ ᠬᠠᠷᠢᠭᠤᠴᠠᠯᠭ᠎ᠠ ᠳᠤ ᠪᠠᠨ ᠣᠰᠣᠯᠳᠠᠬᠤ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃       ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠰᠡᠷᠭᠡᠶᠢᠯᠡᠯᠲᠡ ᠶᠢ ᠴᠢᠬᠤᠯᠠᠴᠢᠯᠠᠬᠤ᠂ ᠰᠠᠭᠤᠷᠢ ᠶᠢ ᠪᠠᠬᠢᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ᠂ ᠴᠢᠳᠠᠪᠤᠷᠢ ᠶᠢ ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠨ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭᠠᠨ ᠢ ᠭᠦᠨᠵᠡᠭᠡᠶᠢᠷᠡᠭᠦᠯᠵᠦ᠂ ᠠᠶᠤᠯ ᠦᠭᠡᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠦᠨᠳᠦ ᠶᠡᠭᠡ ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠵᠤ᠂ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠦ ᠶᠢ ᠬᠠᠮᠤᠭ ᠤᠨ ᠶᠡᠭᠡ ᠪᠠᠷ ᠴᠢᠷᠮᠠᠶᠢᠵᠤ ᠰᠡᠷᠭᠡᠶᠢᠯᠡᠨ᠎ᠡ᠃ ᠶᠡᠭᠡ ᠬᠢᠩᠭᠠᠨ ᠳᠠᠪᠠᠭᠠᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠢᠳᠡᠭᠡᠨ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠨ᠎ᠠ᠃       ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠯᠡ ᠬᠦᠨᠳᠦ ᠨᠦᠰᠡᠷ ᠪᠠᠶᠢᠵᠤ᠂ ᠡᠨᠡ ᠵᠢᠯ ᠤᠨ ᠬᠠᠷᠠᠯᠲᠠ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠦᠨ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠵᠦ ᠣᠭᠲᠤ ᠪᠣᠯᠬᠤ ᠦᠭᠡᠢ᠃ ᠵᠢᠭᠡᠯᠡᠯᠭᠡ ᠶᠢᠨ ᠲᠡᠮᠳᠡᠭᠲᠦ ᠰᠣᠯᠢᠬᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ︽ᠳᠦᠷᠪᠡᠨ ᠨᠢᠭᠡ ᠪᠦᠯᠦᠭ︾ ᠠᠷᠭ᠎ᠠ ᠪᠠᠷᠢᠯ ᠢᠶᠠᠨ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠳᠡᠮᠵᠢᠯᠭᠡ ᠦᠵᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ ᠬᠠᠰᠤᠵᠤ ᠪᠠᠭᠤᠷᠠᠭᠤᠯᠤᠨ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠯᠠᠪᠳᠠᠭᠤᠨ ᠰᠢᠢᠳᠪᠦᠷᠢᠯᠡᠵᠦ᠂ ᠣᠷᠣᠨ ᠨᠤᠲᠤᠭ ᠤᠨ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠡᠬᠡᠲᠡᠢ ᠵᠡᠷᠭᠡ ᠲᠡᠰ ᠠᠴᠠ ᠪᠤᠴᠠᠵᠤ ᠭᠠᠷᠬᠤ ᠶᠢ ᠨᠢ ᠠᠬᠢᠭᠤᠯᠤᠨ᠂ ︽ᠳᠡᠯᠪᠡᠷᠡᠭᠡᠨ ᠬᠡᠷᠡᠭ︾ ᠡᠭᠦᠰᠬᠦ ᠠᠴᠠ ᠡᠷᠡᠰ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ ᠲᠣᠭᠲᠠᠭᠤᠨ ᠪᠣᠯᠭᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠴᠠᠭ ᠲᠤ ᠪᠠᠨ ᠪᠠᠲᠤᠯᠠᠨ ᠲᠤᠰᠢᠶᠠᠬᠤ ᠠᠰᠠᠷ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠰᠠᠶᠢᠲᠤᠷ ᠪᠡᠶᠡᠯᠡᠭᠦᠯᠦᠨ᠎ᠡ᠃       ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠤᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ ᠲᠠᠪᠤᠨ ᠱᠠᠲᠤ ᠶᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠪᠦᠷᠢᠨᠰᠢᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠯᠠᠮᠰᠢᠯ ᠤᠲᠠᠰᠤ 12345 ᠪᠠᠷ ᠶᠠᠷᠰᠢᠭ ᠲᠦᠪᠡᠭᠲᠡᠢ ᠠᠵᠢᠯ ᠤᠨ ᠲᠣᠳᠣᠷᠬᠠᠢ ᠬᠠᠭᠤᠳᠠᠰᠤ ᠶᠢᠨ ᠰᠢᠮᠳᠠᠭᠤᠯᠤᠨ ᠭᠦᠢᠴᠡᠳᠬᠡᠯᠭᠡᠬᠦ ᠪᠠ ᠪᠤᠴᠠᠵᠤ ᠪᠠᠶᠢᠴᠠᠭᠠᠬᠤ ᠲᠣᠭᠲᠠᠴᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠢ ᠠᠵᠢᠯᠯᠠᠭᠠᠨ ᠢ ᠥᠷᠨᠢᠭᠦᠯᠦᠨ᠂ ᠣᠯᠠᠨ ᠲᠦᠮᠡᠨ ᠤ ᠭᠤᠮᠣᠳᠠᠯ ᠲᠣᠭᠠᠴᠢᠯᠲᠠ ᠶᠢ ᠴᠠᠭ ᠲᠤᠬᠠᠢ ᠳᠤ ᠨᠢ ᠰᠢᠢᠳᠪᠦᠷᠢᠯᠡᠵᠦ᠂ ᠡᠯ᠎ᠡ ᠵᠦᠢᠯ ᠤᠨ ᠲᠣᠭᠲᠠᠩᠭᠤᠢ ᠪᠤᠰᠤ ᠬᠦᠴᠦᠨ ᠵᠦᠢᠯ ᠢ ᠡᠬᠢ ᠡᠭᠦᠰᠦᠯ ᠳᠤ ᠨᠢ ᠠᠷᠢᠯᠭᠠᠵᠤ᠂ ᠬᠤᠪᠢ ᠬᠥᠮᠥᠨ ᠤ ᠬᠡᠲᠦᠷᠡᠮᠡᠬᠡᠢ ᠬᠡᠷᠡᠭ᠂ ᠪᠦᠯᠦᠭᠴᠢ ᠬᠡᠷᠡᠭ ᠡᠭᠦᠰᠬᠦ ᠠᠴᠠ ᠴᠢᠩᠭ᠎ᠠ ᠰᠡᠷᠭᠡᠶᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠦᠨᠡᠨ ᠬᠦ ᠬᠠᠮᠠᠭᠠᠯᠠᠨ᠎ᠠ᠃       ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯ ᠶᠡᠷᠦ ᠠᠴᠠ ᠪᠠᠨ ᠨᠠᠮ ᠤᠨ ᠲᠥᠪ ᠬᠤᠷᠢᠶᠠᠨ ᠤ ᠬᠠᠯᠠᠮᠵᠢᠯᠠᠨ ᠰᠠᠨᠠᠭᠠᠰᠢᠷᠠᠭᠰᠠᠭᠠᠷ ᠢᠷᠡᠭᠰᠡᠨ ᠭᠠᠵᠠᠷ ᠶᠤᠮ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠦᠨ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠤᠨ᠂ ᠬᠢᠯᠢ ᠬᠢᠵᠠᠭᠠᠷ ᠤᠨ ᠲᠥᠪ ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠤᠰᠤ ᠴᠠᠬᠢᠯᠭᠠᠨ ᠬᠡᠷᠡᠭᠯᠡᠬᠦ᠂ ᠴᠡᠪᠡᠷ ᠡᠨᠧᠷᠭᠢ ᠠᠰᠢᠭᠯᠠᠬᠤ᠂ ᠲᠤᠰᠬᠤᠨ ᠤ ᠳᠦᠷᠢ ᠲᠥᠷᠬᠦ ᠶᠢ ᠰᠠᠶᠢᠵᠢᠷᠠᠭᠤᠯᠬᠤ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠢᠯᠢ ᠬᠢᠵᠠᠭᠠᠷ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ ᠲᠦᠷᠦᠭᠦᠯᠵᠥ᠂ ᠬᠢᠯᠢ ᠬᠢᠵᠠᠭᠠᠷ ᠢᠶᠠᠨ ᠰᠡᠳᠬᠢᠯ ᠲᠣᠭᠲᠠᠭᠤᠨ ᠰᠠᠬᠢᠨ ᠬᠠᠮᠠᠭᠠᠯᠠᠭᠤᠯᠤᠨ᠎ᠠ᠃ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠪᠠᠨ ᠲᠡᠬᠡᠭᠰᠢᠯᠡᠬᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ