ᠮᠥᠰᠥ ᠴᠠᠰᠤᠨ ᠤ ᠡᠬᠢ ᠪᠠᠶᠠᠯᠢᠭ ᠢᠶᠠᠷ ᠠᠵᠤ ᠠᠬᠤᠢ ᠶᠢᠨ ᠨᠡᠮᠡᠭᠳᠡᠯ ᠢ ᠠᠬᠢᠭᠤᠯᠤᠶ᠎ᠠ
ᠨᠡᠶᠢᠲᠡᠯᠡᠭᠰᠡᠨ ᠴᠠᠭ᠄
2025/2/12
       ︽ᠮᠥᠰᠥ ᠴᠠᠰᠤᠲᠤ ᠲᠠᠯ᠎ᠠ ᠨᠤᠲᠤᠭ ᠴᠤ ᠠᠯᠲᠠᠨ ᠠᠭᠤᠯᠠ ᠮᠥᠩᠭᠦᠨ ᠬᠠᠶᠢᠷᠬᠠᠨ ᠮᠥᠨ︾᠃ ᠶᠡᠷᠦᠩᠬᠡᠢ ᠱᠦᠵᠢ ᠰᠢ ᠶᠢᠨ ᠫᠢᠩ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ︽ᠣᠨᠴᠠᠯᠢᠭᠲᠤ ᠰᠣᠶᠣᠯ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠮᠥᠰᠥ ᠴᠠᠰᠤᠨ ᠤ ᠠᠵᠤ ᠠᠬᠤᠢ ᠶᠢ ᠬᠥᠭᠵᠢᠭᠦᠯᠬᠦ ᠪᠠᠷ ᠰᠢᠨ᠎ᠡ ᠨᠡᠮᠡᠭᠳᠡᠯ ᠤᠨ ᠴᠡᠭ ᠪᠤᠯᠭᠠᠵᠤ᠂ ᠮᠥᠰᠥ ᠴᠠᠰᠤᠨ ᠤ ᠬᠥᠳᠡᠯᠭᠡᠭᠡᠨ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ᠂ ᠮᠥᠰᠥ ᠴᠠᠰᠤᠨ ᠤ ᠵᠢᠭᠤᠯᠴᠢᠯᠠᠯ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃       ᠮᠠᠨ ᠤ ᠣᠷᠣᠨ ᠤ ᠥᠪᠡᠷᠮᠢᠴᠡ ᠰᠠᠶᠢᠬᠠᠨ ᠮᠥᠰᠥ ᠴᠠᠰᠤᠨ ᠤ ᠦᠵᠡᠮᠵᠢ᠂ ᠭᠤᠶᠢᠳᠠ ᠰᠠᠶᠢᠬᠠᠨ ᠮᠥᠰᠥ ᠴᠠᠰᠤᠨ ᠤ ᠠᠵᠢᠯᠯᠠᠭ᠎ᠠ ᠬᠤᠯᠠ ᠣᠶᠢᠷ᠎ᠠ ᠶᠢᠨ ᠵᠢᠭᠤᠯᠴᠢᠯᠠᠬᠰᠠᠳ ᠢ ᠶᠡᠬᠡᠳᠡ ᠲᠠᠲᠠᠨ᠎ᠠ᠃ ᠮᠥᠰᠥ ᠴᠠᠰᠤᠨ ᠤ ᠡᠬᠢ ᠪᠠᠶᠠᠯᠢᠭ ᠲᠤ ᠲᠦᠰᠢᠭᠯᠡᠨ ᠪᠦᠭᠦ ᠣᠷᠣᠨ ᠤ ᠮᠥᠰᠥ ᠴᠠᠰᠤᠨ ᠤ ᠠᠵᠤ ᠠᠬᠤᠢ ᠥᠷᠨᠢᠭᠦᠨ ᠬᠥᠭᠵᠢᠨ᠎ᠡ᠃ ᠡᠨᠡ ᠡᠪᠦᠯ ᠪᠦᠭᠦ ᠣᠷᠣᠨ ᠤ ᠡᠯ᠎ᠡ ᠭᠠᠵᠠᠷ ᠤᠨ ᠮᠥᠰᠥ ᠴᠠᠰᠤᠨ ᠤ ᠰᠣᠶᠣᠯ ᠵᠢᠭᠤᠯᠴᠢᠯᠠᠯ ᠴᠤ ᠰᠢᠨ᠎ᠡ ᠠᠮᠢᠵᠢᠷᠠᠯ ᠤᠨ ᠬᠦᠴᠦᠨ ᠪᠢᠯᠬᠠᠨ᠎ᠠ᠃ ᠮᠡᠷᠭᠡᠯ ᠭᠤᠣᠯ ᠤᠨ ᠬᠥᠪᠡᠭᠡᠨ ᠳᠠᠬᠢ ᠮᠥᠰᠥ ᠴᠠᠰᠤᠨ ᠤ ᠨᠠᠭᠠᠳᠤᠮ ᠨᠢ ᠴᠠᠭ ᠢᠮᠠᠭᠲᠠ ᠵᠢᠭᠤᠯᠴᠢᠯᠠᠬᠰᠠᠳ ᠲᠤ ᠰᠤᠷ ᠬᠠᠷᠪᠤᠯᠲᠠ᠂ ᠪᠦᠭᠡ ᠶᠢᠨ ᠪᠠᠷᠢᠯᠳᠤᠭᠠᠨ ᠰᠣᠨᠢᠷᠬᠠᠭᠤᠯᠵᠤ ᠬᠥᠮᠥᠰ ᠤᠨ ᠤᠤᠬᠠᠶᠢᠯᠠᠯ ᠬᠠᠰᠬᠢᠷᠤᠯ ᠲᠠᠯᠠᠪᠠᠢ ᠳᠦᠭᠦᠷᠡᠩ ᠴᠠᠯᠭᠢᠯᠠᠨ᠎ᠠ;ᠤᠯᠠᠭᠠᠨᠴᠠᠪ ᠬᠤᠲᠠ ᠶᠢᠨ ᠤᠯᠠᠭᠠᠨᠬᠠᠳᠠ ᠶᠢᠨ ᠭᠠᠯᠲᠤ ᠠᠭᠤᠯᠠ ᠶᠢᠨ ᠬᠤᠷᠮᠣᠢ ᠳᠤ ᠮᠢᠩᠭᠠᠨ ᠬᠥᠮᠥᠨ ᠲᠥᠮᠥᠰᠥ ᠰᠢᠷᠠᠵᠤ ᠢᠳᠡᠵᠦ᠂ ᠬᠤᠸᠠᠷ ᠫᠤᠤᠵᠢᠩ ᠰᠣᠯᠣᠩᠭᠠᠷᠠᠨ᠂ ᠭᠠᠯᠲᠤ ᠠᠭᠤᠯᠠ ᠪᠠᠷ ᠴᠠᠨᠠᠯᠠᠵᠤ᠂ ᠭᠠᠯᠲᠤ ᠠᠭᠤᠯᠠ ᠶᠢᠨ ᠰᠢᠨ᠎ᠡ ᠨᠠᠭᠠᠳᠬᠤ ᠠᠷᠭ᠎ᠠ ᠶᠢ ᠰᠦᠪᠡᠭᠴᠢᠯᠡᠨ᠎ᠡ;ᠭᠢᠩᠭᠠᠨ ᠠᠶᠢᠮᠠᠭ ᠤᠨ ᠷᠠᠰᠢᠶᠠᠨ ᠬᠤᠳᠠ ᠶᠢᠨ ᠦᠯᠦ ᠬᠥᠯᠳᠡᠬᠦ ᠭᠤᠣᠯ ᠤᠨ ᠭᠦᠪᠪᠦᠨ ᠨᠠᠭᠠᠳᠬᠤ ᠬᠥᠳᠡᠯᠭᠡᠭᠡᠨ᠂ ᠣᠨᠴᠠᠯᠢᠭᠲᠤ ᠬᠠᠯᠠᠭᠤᠨ ᠷᠠᠰᠢᠶᠠᠨ ᠵᠡᠷᠭᠡ ᠨᠢ ᠬᠠᠬᠢᠷ ᠬᠦᠢᠲᠡᠨ ᠡᠪᠦᠯ ᠤᠨ ᠤᠯᠠᠷᠢᠯ ᠳᠤ  ᠤᠷᠢᠨ ᠳᠤᠯᠠᠭᠠᠨ ᠤ ᠬᠠᠪᠤ ᠴᠡᠩᠭᠡᠯ ᠢ ᠡᠳ᠋ᠯᠡᠭᠦᠯᠦᠨ᠎ᠡ;ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠣᠩᠭᠤᠯ ᠮᠣᠷᠢᠨ ᠤ ᠭᠡᠳᠦ ᠳᠡᠰ ᠤᠨ ᠤᠷᠤᠯᠳᠤᠭᠠᠨ᠂ ᠬᠤᠯᠠᠨ ᠰᠢᠷᠭ᠎ᠠ ᠲᠠᠭ᠎ᠠ ᠶᠢᠨ ᠡᠯᠡᠰᠦᠨ ᠴᠥᠯ ᠳᠤ ᠥᠪᠡᠷ ᠢᠶᠠᠨ ᠲᠡᠷᠭᠡ ᠵᠢᠯᠣᠭᠤᠳᠤᠨ ᠠᠶᠠᠯᠠᠬᠤ ᠨᠢ ᠬᠤᠯᠠ ᠣᠶᠢᠷ᠎ᠠ ᠶᠢᠨ ᠬᠥᠮᠥᠰ ᠤᠨ ᠪᠠᠬ᠎ᠠ ᠶᠢ ᠲᠠᠲᠠᠨ᠎ᠠ  ᠁ ᠣᠷᠣᠨ ᠳᠠᠶᠠᠭᠠᠷ ᠢᠶᠠᠨ ᠮᠥᠰᠥ ᠴᠠᠰᠤᠨ ᠤ ᠡᠬᠢ ᠪᠠᠶᠠᠯᠢᠭ ᠢ ᠠᠵᠤ ᠠᠬᠤᠢ ᠶᠢᠨ ᠨᠡᠮᠡᠭᠳᠡᠯ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠨ᠎ᠠ᠃       2024 ᠣᠨ ᠤ 11 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠮᠥᠰᠥ ᠴᠠᠰᠤᠨ ᠤ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ 2027 ᠣᠨ ᠪᠤᠯᠬᠤ ᠳᠤ᠂ ᠮᠠᠨ ᠤ ᠤᠯᠤᠰ ᠤᠨ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠢ ᠬᠡᠪᠴᠢᠶ᠎ᠡ ᠶᠢ 1.2 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠵᠦ᠂ 2030 ᠣᠨ ᠪᠤᠯᠬᠤ ᠳᠤ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠢ ᠬᠡᠪᠴᠢᠶ᠎ᠡ ᠶᠢ 1.5 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ ᠭᠡᠵᠡᠢ᠃ ᠮᠠᠨ ᠤ ᠣᠷᠣᠨ ᠤ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ︽ᠮᠥᠰᠥ ᠴᠠᠰᠤᠨ ᠤ ᠠᠵᠤ ᠠᠬᠤᠢ ᠪᠣᠯ ᠲᠦᠮᠡᠨ ᠳ᠋ᠦᠩᠰᠢᠭᠤᠷ ᠲᠠᠰ ᠤᠨ ᠰᠢᠨ᠎ᠡ ᠤᠷᠤᠯᠳᠤᠭᠠᠨ ᠤ ᠵᠠᠮ ᠮᠥᠨ᠂ ᠮᠥᠰᠥ ᠴᠠᠰᠤᠨ ᠤ ᠬᠥᠳᠡᠯᠭᠡᠭᠡᠨ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ᠂ ᠮᠥᠰᠥ ᠴᠠᠰᠤᠨ ᠤ ᠵᠢᠭᠤᠯᠴᠢᠯᠠᠯ ᠵᠡᠷᠭᠡ ᠪᠦᠭᠦ ᠡᠵᠡᠩᠨᠡᠯᠲᠡ ᠶᠢᠨ ᠭᠡᠯᠪᠡᠷᠢ ᠶᠢᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ᠂ ᠲᠣᠬᠯᠠᠯᠲᠠ ᠶᠢᠨ ᠴᠢᠨᠠᠷᠲᠠᠢ᠂ ᠤᠷᠤᠯᠳᠤᠭᠠᠨ ᠤ ᠴᠢᠨᠠᠷᠲᠠᠢ ᠮᠥᠰᠥ ᠴᠠᠰᠤᠨ ᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠬᠦ ᠬᠡᠷᠡᠭᠲᠡᠢ︾ ᠭᠡᠵᠦ ᠳᠤᠷᠠᠳᠴᠤ᠂ ᠮᠥᠰᠥ ᠴᠠᠰᠤᠨ ᠤ ᠠᠵᠤ ᠠᠬᠤᠢ ᠶᠢ ᠬᠥᠭᠵᠢᠭᠦᠯᠬᠦ ᠶᠠᠪᠤᠳᠠᠯ ᠢ 2025 ᠣᠨ ᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠳᠤ ᠣᠷᠣᠭᠤᠯᠤᠭᠰᠠᠨ ᠪᠠᠶᠢᠨ᠎ᠠ᠃       ᠮᠠᠨ ᠤ ᠣᠷᠣᠨ ᠤ ᠮᠥᠰᠥ ᠴᠠᠰᠤᠨ ᠤ ᠡᠬᠢ ᠪᠠᠶᠠᠯᠢᠭ ᠲᠤᠶᠢᠯ ᠤᠨ ᠡᠯᠪᠡᠭ᠂ ᠵᠢᠯ ᠪᠦᠷᠢ ᠶᠢᠨ 10 ᠰᠠᠷ᠎ᠠ ᠠᠴᠠ ᠡᠬᠢᠯᠡᠨ ᠴᠥᠭᠡᠨ ᠪᠤᠰᠤ ᠭᠠᠵᠠᠷ ᠣᠷᠣᠨ ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠴᠠᠭᠠᠨ ᠶᠢᠷᠲᠢᠨᠴᠦ ᠶᠢ ᠤᠭᠲᠤᠳᠠᠭ᠃ ᠮᠥᠰᠥ ᠴᠠᠰᠤ ᠨᠢ ᠲᠠᠯ᠎ᠠ ᠨᠤᠲᠤᠭ᠂ ᠣᠶ ᠰᠢᠭᠤᠢ᠂ ᠡᠯᠡᠰᠦ ᠮᠠᠩᠬ᠎ᠠ᠂ ᠭᠤᠣᠯ ᠮᠥᠷᠡᠨ ᠨᠠᠭᠤᠷ ᠴᠥᠭᠦᠷᠥᠮ᠂ ᠬᠠᠯᠠᠭᠤᠨ ᠷᠠᠰᠢᠶᠠᠨ᠂ ᠭᠠᠯᠲᠤ ᠠᠭᠤᠯᠠ ᠶᠢᠨ ᠦᠯᠡᠳᠡᠭᠳᠡᠯ ᠵᠡᠷᠭᠡ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ ᠯᠦᠭᠡ ᠬᠠᠷᠢᠯᠴᠠᠨ ᠠᠪᠴᠠᠯᠳᠤᠨ᠂ ᠪᠠᠶᠢᠭᠠᠯᠢ ᠶᠢᠨ ᠡᠬᠢ ᠪᠠᠶᠠᠯᠢᠭ ᠨᠢ ᠠᠷᠠᠳ ᠤᠨ ᠠᠮᠢᠳᠤᠷᠠᠯ᠂ ᠭᠠᠵᠠᠷ ᠣᠷᠣᠨ ᠤ ᠵᠠᠩ ᠦᠢᠯᠡ᠂ ᠲᠡᠦᠬᠡ ᠶᠢᠨ ᠦᠯᠡᠳᠡᠭᠳᠡᠯ ᠵᠡᠷᠭᠡ ᠬᠥᠮᠥᠨ ᠨᠡᠶᠢᠭᠡᠮ ᠤᠨ ᠡᠬᠢ ᠪᠠᠶᠠᠯᠢᠭ ᠯᠤᠭ᠎ᠠ ᠬᠠᠷᠢᠯᠴᠠᠨ ᠠᠭᠤᠰᠤᠯᠴᠠᠵᠤ᠂ ᠰᠦᠷ ᠵᠢᠪᠬᠤᠯᠠᠩᠲᠤ ᠮᠥᠰᠥ ᠴᠠᠰᠤᠨ ᠤ ᠦᠵᠡᠮᠵᠢ ᠪᠠ ᠪᠠᠶᠠᠯᠢᠭ ᠰᠠᠶᠢᠬᠠᠨ ᠮᠥᠰᠥ ᠴᠠᠰᠤᠨ ᠤ ᠰᠣᠶᠣᠯ ᠢ ᠪᠤᠶ ᠪᠣᠯᠭᠠᠵᠠᠢ᠃ ᠲᠡᠶᠢᠮᠦ ᠪᠣᠯᠬᠤᠷ ᠮᠠᠨ ᠤ ᠣᠷᠣᠨ ᠮᠥᠰᠥ ᠴᠠᠰᠤᠨ ᠤ ᠠᠵᠤ ᠠᠬᠤᠢ ᠶᠢ ᠬᠥᠭᠵᠢᠭᠦᠯᠬᠦ ᠳᠤ ᠡᠬᠢ ᠪᠠᠶᠠᠯᠢᠭ ᠤᠨ ᠳᠠᠪᠠᠭᠤᠯᠢᠭ ᠲᠠᠢ᠂ ᠲᠡᠦᠬᠡ ᠶᠢᠨ ᠠᠭᠤᠯᠤᠭᠳᠠᠬᠤᠨ ᠲᠠᠢ᠂ ᠪᠠᠰᠠ ᠠᠵᠤ ᠦᠢᠯᠡᠰ ᠤᠨ ᠰᠠᠭᠤᠷᠢ ᠲᠠᠢ ᠭᠡᠵᠦ ᠬᠡᠯᠡᠵᠦ ᠪᠣᠯᠣᠨ᠎ᠠ᠃ ᠡᠶᠢᠮᠦ ᠠᠴᠠ᠂ ᠣᠷᠣᠨ ᠳᠠᠶᠠᠭᠠᠷ ᠢᠶᠠᠨ ᠨᠠᠩ ᠥᠷᠭᠡᠨ ᠳᠡᠯᠭᠡᠷ ᠠᠵᠤ ᠦᠢᠯᠡᠰ ᠤᠨ ᠰᠡᠳᠬᠢᠬᠦᠢ ᠶᠢ ᠪᠤᠶ ᠪᠤᠯᠭᠠᠵᠤ᠂ ᠨᠠᠩ ᠣᠯᠠᠨ ᠡᠬᠢ ᠪᠠᠶᠠᠯᠢᠭ ᠢ ᠨᠡᠶᠢᠳᠬᠡᠨ᠂ ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ᠂ ᠬᠤᠳᠠᠯᠳᠤᠭ᠎ᠠ᠂ ᠰᠤᠪᠢᠯᠠᠯᠲᠠ᠂ ᠰᠤᠷᠤᠯᠭ᠎ᠠ᠂ ᠴᠢᠯᠦᠭᠡ ᠵᠡᠷᠭᠡ ᠤᠯᠠᠨ ᠭᠤᠭᠴᠤᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠮᠥᠰᠥ ᠴᠠᠰᠤᠨ ᠤ ᠬᠥᠳᠡᠯᠭᠡᠭᠡᠨ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ᠂ ᠮᠥᠰᠥ ᠴᠠᠰᠤᠨ ᠤ ᠵᠢᠭᠤᠯᠴᠢᠯᠠᠯ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠪᠠᠯ᠂ ᠮᠥᠰᠥ ᠴᠠᠰᠤᠨ ᠤ ᠡᠬᠢ ᠪᠠᠶᠠᠯᠢᠭ ᠢ ᠲᠠᠰᠤᠷᠠᠯᠲᠠ ᠦᠭᠡᠢ ᠠᠵᠤ ᠠᠬᠤᠢ ᠶᠢᠨ ᠨᠡᠮᠡᠭᠳᠡᠯ ᠪᠣᠯᠭᠠᠨ ᠬᠤᠪᠢᠷᠠᠭᠤᠯᠬᠤ ᠨᠢ ᠳᠠᠮᠵᠢᠭ ᠦᠭᠡᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ