ᠵᠠᠰᠠᠭ ᠤᠨ ᠣᠷᠳᠣᠨ ᠤ ᠠᠵᠢᠯ ᠤᠨ ᠢᠯᠡᠳᠬᠡᠯ | | | — 2025 ᠤᠨ ᠤ 1 ᠰᠠᠷ᠎ᠠ ᠶᠢᠨ 7 ᠤ ᠡᠳᠤᠷ ᠬᠥᠯᠤᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ | ᠠᠷᠠᠤᠨ ᠤᠨ ᠲᠥᠯᠤᠭᠡᠯᠩᠴᠢᠤᠨ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠲᠡᠭᠡᠷ᠎ᠠ | ᠬᠥᠯᠤᠨ ᠪᠤᠶᠢᠷ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ ᠬᠤᠳᠠ ᠶᠢᠨ ᠲᠠᠷᠤᠭ᠎ᠠ ᠵᠢᠢ ᠶᠦᠩ ᠴᠢᠶᠠᠨ | | | ᠲᠥᠯᠦᠭᠡᠯᠡᠭᠴᠢᠳ ᠡ᠄ | ᠣᠳᠣ᠂ ᠪᠢ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠬᠤᠲᠠ | ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠤᠯᠴᠠᠭᠰᠠᠨ ᠨᠥᠬᠦᠳ ᠴᠦ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠦᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠬᠤᠲᠠ ᠳᠠᠶᠠᠭᠠᠷ ᠢᠶᠠᠨ | ᠶᠡᠷᠦᠩᠬᠡᠢ ᠱᠦᠵᠢ ᠰᠢ ᠶᠢᠨ ᠫᠢᠩ ᠤᠨ ᠥᠪᠦᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ | ᠬᠤᠭᠤᠴᠠᠭᠠᠨ ᠤ ᠳᠣᠯᠤᠳᠤᠭᠠᠷ᠂ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠨᠢᠭᠡ ᠭᠤᠣᠯ ᠱᠤᠭᠤᠮ ᠢ | ᠬᠤᠯᠪᠤᠯᠳᠤᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠲᠦᠷᠭᠡᠯᠡᠨ | ᠬᠡᠷᠡᠭᠵᠢᠭᠦᠯᠵᠦ᠂ ᠲᠠᠪᠤᠨ ᠵᠦᠢᠯ ᠤᠨ ᠦᠭᠡᠷᠡᠴᠢᠯᠡᠯᠲᠡ ᠶᠢᠨ ᠰᠡᠳᠦᠪ ᠢ ᠪᠦᠬᠦ ᠲᠠᠯ᠎ᠠ ᠪᠠᠷ ᠠᠬᠢᠭᠤᠯᠤᠨ᠂ ᠬᠦᠴᠢᠷ ᠪᠡᠷᠬᠡ ᠶᠢ ᠲᠤᠭᠤᠯᠤᠨ ᠳᠠᠪᠠᠵᠤ᠂ ᠦᠨᠡᠨ | ᠪᠣᠳᠠᠲᠠᠢ ᠠᠵᠢᠯᠯᠠᠭᠠᠳ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠪᠠᠲᠤᠲᠠᠢ ᠠᠬᠢᠪᠠ᠃ | ︵ᠨᠢᠭᠡ︶ ᠠᠵᠤ ᠠᠬᠤᠢ ᠶᠢᠨ ᠶᠠᠪᠤᠭᠳᠠᠯ ᠶᠡᠷᠦᠩᠬᠡᠢ ᠳᠡᠭᠡᠨ ᠲᠣᠭᠲᠠᠭᠤᠨ ᠪᠠᠶᠢᠪᠠ᠃ 2024 ᠣᠨ ᠳᠤ᠂ ᠵᠢᠱᠢᠯᠲᠡ ᠪᠠᠷ ᠪᠦᠬᠦ ᠬᠤᠲᠠ ᠶᠢᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3.5% ᠣᠷᠴᠢᠮ ᠨᠡᠮᠡᠭᠳᠡᠵᠦ᠂ ᠲᠣᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 10% ᠣᠷᠴᠢᠮ | ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢᠳᠤᠨᠤᠨ ᠤ ᠬᠢ ᠲᠠᠢ ᠦᠨᠳᠦᠰᠦᠨ ᠳᠡᠭᠡᠨ ᠲᠡᠩᠴᠡᠭᠦᠷᠢᠰᠢᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 3% ᠣᠷᠴᠢᠮ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠤᠯᠭ᠎ᠠ 7.39% ᠨᠡᠮᠡᠭᠳᠡᠪᠡ᠃ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠨᠢ ᠠᠵᠣ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠵᠡᠷᠭᠡᠳᠡ | ᠪᠠᠶᠢᠪᠠ᠃ ᠪᠣᠬᠢᠷᠳᠤᠯ ᠦᠭᠡᠢ ᠭᠦᠢᠴᠡᠳᠬᠡᠯ ᠲᠤᠭ᠎ᠠ ᠪᠦᠬᠦ ᠲᠠᠯ᠎ᠠ ᠪᠦᠬᠦ ᠱᠤᠭᠤᠮ ᠢᠶᠠᠷ ᠥᠪᠡᠷᠲᠡᠭᠡᠨ ᠵᠠᠰᠠᠬᠤ ᠤᠷᠤᠨ ᠤ ᠲᠡᠷᠢᠭᠦᠨ ᠡᠩᠨᠡᠭᠡᠨ ᠳᠤ ᠣᠷᠣᠪᠠ᠃ | ᠲᠥᠷᠦᠯ ᠵᠦᠢᠯ ᠤᠨ ᠪᠠᠶᠢᠭᠤᠯᠤᠯᠲᠠ ᠬᠦᠴᠦ ᠨᠡᠮᠡᠨ ᠦᠷ᠎ᠡ ᠠᠰᠢᠭ ᠢᠶᠠᠨ ᠳᠡᠭᠡᠭᠰᠢᠯᠡᠭᠦᠯᠪᠡ᠃ ᠭᠤᠣᠯᠳᠠᠯᠭ᠎ᠠ ᠲᠠᠢ ᠲᠥᠷᠦᠯ ᠵᠦᠢᠯ ᠢ 395 ᠬᠡᠷᠡᠭᠵᠢᠭᠦᠯᠵᠦ᠂ | 334.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠡᠬᠢᠯᠡᠭᠦᠯᠦᠨ ᠰᠡᠷᠭᠦᠭᠡᠬᠦ ᠲᠤᠭ᠎ᠠ᠂ ᠪᠡᠯᠡ ᠣᠷᠤᠭᠤᠯᠤᠯᠲᠠ ᠶᠢ | ᠪᠡᠶᠡᠯᠡᠭᠦᠯᠬᠦ ᠨᠣᠷᠮ᠎ᠠ ᠴᠥᠮ ᠣᠷᠴᠢᠮ ᠤᠨ ᠵᠢᠯ ᠤᠨ ᠬᠠᠮᠤᠭ ᠤᠨ ᠥᠨᠳᠦᠷ ᠲᠥᠪᠰᠢᠨ ᠢ ᠡᠭᠦᠳᠪᠡ᠃ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠦᠷ᠎ᠡ | ᠪᠦᠲᠦᠮᠵᠢ ᠢᠯᠡᠳᠲᠡ ᠪᠣᠯᠪᠠ᠃ 238 ᠲᠥᠷᠦᠯ ᠵᠦᠢᠯ ᠢ ᠰᠢᠨ᠎ᠡ ᠪᠠᠷ ᠬᠡᠯᠡᠯᠴᠡᠭᠡᠷ ᠲᠣᠭᠲᠠᠵᠤ᠂ 255.8 ᠳ᠋ᠥᠩᠰᠢᠭᠤᠷ ᠲᠥᠭᠦᠷᠢᠭ ᠤᠨ ᠪᠡᠯᠡ ᠣᠷᠤᠭᠤᠯᠵᠤ᠂ | ᠪᠦᠬᠦ ᠵᠢᠯ ᠳᠤ ᠤᠯᠤᠰ ᠤᠨ ᠳᠣᠲᠤᠭᠠᠳᠤ ︵ᠣᠷᠤᠨ ᠤ ᠭᠠᠳᠠᠨᠠᠬᠢ︶ ᠶᠢᠨ ᠪᠡᠯᠡ ᠮᠥᠩᠭᠦ ᠶᠢ 225 ᠳ᠋ᠦᠩᠰᠢᠭᠤᠷ ᠲᠥᠭᠦᠷᠢᠭ ᠳᠠᠲᠠᠨ ᠤᠷᠤᠭᠤᠯᠤᠭᠠᠳ᠂ | ᠭᠠᠳᠠᠭᠠᠳᠤ ᠪᠡᠯᠡ ᠶᠢ 9842 ᠳ᠋ᠦᠩᠰᠢᠭᠤᠷ ᠲᠥᠭᠦᠷᠢᠭ ᠪᠣᠳᠠᠲᠠᠢ ᠬᠡᠷᠡᠭᠯᠡᠪᠡ᠃ ᠬᠡᠷᠡᠭᠯᠡᠭᠡᠨ ᠤ ᠵᠠᠬ᠎ᠠ ᠳᠡᠯᠭᠡᠬᠦᠷ ᠤᠨ ᠪᠠᠭᠲᠠᠭᠠᠮᠵᠢ ᠶᠢ ᠥᠷᠭᠡᠳᠬᠡᠨ ᠴᠢᠨᠠᠷ ᠢ | ᠳᠡᠭᠡᠭᠰᠢᠯᠡᠭᠦᠯᠪᠡ᠃ ᠬᠠᠭᠤᠴᠢᠨ ᠢᠶᠠᠷ ᠰᠢᠨ᠎ᠡ ᠶᠢ ᠰᠣᠯᠢᠬᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ 733 ᠲᠠᠯᠠᠪᠤᠷ ᠥᠷᠨᠢᠭᠦᠯᠵᠦ᠂ 17 ᠳ᠋ᠦᠩᠰᠢᠭᠤᠷ | ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠵᠢᠶᠦ᠋ᠨ ᠱᠠᠩ ᠠᠤᠲ᠋ᠧᠯᠠᠶᠢᠰᠧ ᠬᠤᠳᠠᠯᠳᠤᠭᠠᠨ ᠤ ᠶᠡᠷᠦᠩᠬᠡᠢ ᠴᠣᠭᠴᠠ ᠶᠢ ᠪᠠᠶᠢᠭᠤᠯᠤᠨ ᠡᠵᠡᠩᠨᠡᠯᠲᠡ ᠳᠤ | ᠣᠷᠤᠭᠤᠯᠵᠤ᠂ ᠬᠠᠶᠢᠯᠠᠷ ᠤᠨ ᠵᠡᠭᠦᠨ ᠠᠭᠤᠯᠠᠨ ᠤ ᠬᠤᠩ ᠰᠢᠩ ᠰᠥᠨᠢ ᠶᠢᠨ ᠬᠦᠭᠵᠢᠶᠡᠨᠲᠦ ᠬᠤᠲᠠ ᠨᠢ ᠥᠪᠡᠷᠲᠡᠭᠡᠨ ᠵᠠᠰᠠᠬᠤ ᠤᠷᠤᠨ ᠤ ᠣᠨᠴᠠᠯᠢᠭᠲᠤ | ᠬᠤᠳᠠᠯᠳᠤᠭᠠᠨ ᠤ ᠪᠦᠭᠡᠮᠨᠡᠷᠡᠯ ᠤᠨ ᠲᠣᠭᠤᠷᠢᠭ ᠢᠶᠠᠷ ᠵᠦᠪᠰᠢᠶᠡᠷᠡᠭᠳᠡᠪᠡ᠃ ᠴᠠᠷᠠᠭᠠᠨ ᠤ ᠳᠤᠲᠤᠷᠠᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠤᠭᠤᠷᠢᠭ ᠪᠠ ᠲᠣᠰᠤ ᠨᠡᠮᠡᠬᠦ ᠦᠷᠲᠡᠭᠡ ᠶᠢᠨ ᠲᠦᠭᠦᠮ ᠳᠡᠯᠭᠡᠭᠦᠷ ᠲᠤ ᠬᠦᠯᠦᠨ ᠪᠥᠢᠷ ᠤᠨ ᠣᠨᠴᠠ ᠭᠠᠷᠤᠯᠲᠠ ᠶᠢᠨ ᠲᠤᠰᠬᠠᠢ ᠪᠣᠷᠤᠯᠠᠭᠤᠯᠭ᠎ᠠ ᠶᠢ ᠨᠡᠶᠢᠳᠡᠮ | ᠪᠦᠷᠭᠦᠬᠦᠯᠪᠡ᠃ ᠭᠠᠳᠠᠭᠠᠳᠤ ᠠᠷᠠᠯᠵᠢᠶ᠎ᠠ ᠶᠢᠨ ᠰᠢᠪᠲᠤᠯᠤᠯᠲᠠ ᠶᠢ ᠪᠡᠶᠡᠯᠡᠭᠦᠯᠪᠡ᠃ ᠮᠠᠨᠵᠤᠤᠷ ᠤᠨ ᠲᠡᠮᠤᠷ ᠵᠠᠮ ᠤᠨ ᠬᠢᠯᠢ ᠶᠢᠨ ᠪᠣᠭᠤᠮᠲᠠ ᠶᠢᠨ ᠵᠠᠬ᠎ᠠ ᠶᠢᠨ | ᠠᠷᠠᠯᠵᠢᠶᠠᠨ ᠤ ᠲᠤᠭᠤᠷᠢᠭ ᠪᠤᠭᠤᠮᠲᠠ ᠬᠤᠷᠢᠵᠤ ᠡᠵᠡᠩᠨᠡᠨ᠂ ᠡᠪᠦᠳᠦᠭ ᠬᠢᠯᠢ ᠶᠢᠨ ᠪᠤᠭᠤᠮᠲᠠ ᠶᠢᠨ ᠮᠣᠩᠭᠤᠯ ᠤᠯᠤᠰ ᠤᠨ ᠬᠢᠯᠢ ᠳᠤ ᠤᠷᠤᠭᠤᠯᠬᠤ ᠠᠮᠤ | ᠪᠤᠳᠠᠭᠠᠨ ᠤ ᠬᠢᠨᠠᠨ ᠬᠠᠮᠢᠶᠠᠷᠬᠤ ᠲᠠᠯᠠᠪᠤᠷ ᠵᠦᠪᠰᠢᠶᠡᠷᠡᠭᠳᠡᠵᠦ᠂ ᠮᠣᠩᠭᠤᠯ ᠤᠯᠤᠰ ᠯᠤᠭ᠎ᠠ ᠶᠢᠨ ᠬᠢᠯᠢ ᠶᠢᠨ ᠪᠤᠭᠤᠮᠲᠠ ᠪᠠᠷ 8 ᠰᠠᠭᠤᠳᠠᠯ ᠠᠴᠠ ᠳᠤᠷᠤᠭᠰᠢᠬᠢ ᠪᠠᠭ᠎ᠠ | ᠬᠡᠯᠪᠡᠷᠢ ᠶᠢᠨ ᠲᠡᠷᠭᠡᠨ ᠤ ᠪᠤᠭᠤᠮᠳᠠ ᠭᠠᠲᠤᠯᠬᠤ ᠶᠢ ᠰᠡᠷᠭᠦᠭᠡᠪᠡ᠃ ᠲᠠᠷᠢᠶᠠᠯᠠᠩ ᠤᠨ ᠮᠠᠰᠢᠨ ᠮᠧᠬᠠᠨᠢᠭ ᠪᠠ ᠭᠠᠷ ᠳᠠᠮᠵᠢᠭᠰᠠᠨ ᠲᠡᠷᠭᠡ ᠶᠢ ᠭᠠᠳᠠᠭᠠᠳᠤ ᠳᠤ | ᠲᠦᠷᠦᠭᠦᠦ ᠤᠳᠠᠭ᠎ᠠ ᠭᠠᠷᠭᠠᠵᠤ᠂ ᠭᠠᠳᠠᠭᠠᠳᠤ ᠳᠤ ᠭᠠᠷᠭᠠᠬᠤ ᠨᠣᠷᠮ᠎ᠠ ᠲᠤᠰ ᠪᠦᠷᠢ 2400 ᠲᠦᠮᠡᠨ ᠲᠥᠭᠦᠷᠢᠭ ᠪᠠ 1.25 ᠳ᠋ᠦᠩᠰᠢᠭᠤᠷ ᠲᠥᠭᠦᠷᠢᠭ ᠲᠤ | ᠬᠦᠷᠪᠡ᠃ ᠪᠦᠬᠦ ᠬᠤᠲᠠ ᠶᠢᠨ ᠬᠢᠯᠢ ᠶᠢᠨ ᠪᠣᠭᠤᠮᠲᠠ ᠪᠠᠷ ᠪᠠᠷᠠᠭ᠎ᠠ ᠳᠡᠭᠡᠭᠡᠪᠦᠷᠢᠯᠡᠬᠦ ᠬᠡᠮᠵᠢᠶ᠎ᠡ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ | ᠶᠡᠷᠦᠩᠬᠡᠢ ᠥᠷᠲᠡᠭ ᠲᠤᠰ ᠪᠦᠷᠢ 2490 ᠲᠥᠮᠡᠨ ᠲᠣᠨ ᠪᠠ 300 ᠳ᠋ᠥᠩᠰᠢᠭᠤᠷ ᠲᠥᠭᠦᠷᠢᠭ ᠲᠤ ᠬᠦᠷᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠰᠠᠭᠤᠷᠢ ᠪᠠᠬᠢᠵᠢᠪᠡ᠃ ᠠᠮᠤ ᠪᠤᠳᠠᠭᠠᠨ ᠤ ᠤᠨᠠᠯᠲᠠ 135.85 ᠳ᠋ᠥᠩᠰᠢᠭᠤᠷ ᠵᠢᠩ ᠳᠤ ᠬᠦᠷᠴᠦ᠂ ︽ᠠᠷᠪᠠᠨ ᠬᠤᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠬᠤ︾ ᠶᠢ ᠪᠡᠶᠡᠯᠡᠭᠦᠯᠪᠡ᠃ ᠮᠠᠯᠵᠢᠯ ᠤᠨ ᠣᠨ ᠤ ᠮᠠᠯ ᠤᠨ ᠵᠤᠭᠰᠤᠭ᠎ᠠ ᠲᠤᠭ᠎ᠠ 1243 ᠲᠥᠮᠡᠨ ᠲᠤᠯᠤᠭᠠᠢ ᠳᠤ ᠬᠦᠷᠴᠦ᠂ ᠮᠢᠬ᠎ᠠ᠂ ᠰᠦᠨ ᠤ ᠭᠠᠷᠤᠯᠲᠠ | ᠲᠤᠰ ᠪᠦᠷᠢ 27 ᠲᠥᠮᠡᠨ ᠲᠣᠨ ᠪᠠ 85 ᠲᠥᠮᠡᠨ ᠲᠣᠨ ᠳᠤ ᠬᠦᠷᠪᠡ᠃ 140 ᠲᠥᠮᠡᠨ ᠮᠦ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠵᠤ᠂ ᠬᠠᠭᠠᠯᠪᠤᠷᠢᠯᠠᠬᠤ ᠲᠠᠷᠢᠬᠤ ᠬᠤᠷᠢᠶᠠᠬᠤ ᠶᠡᠷᠦᠩᠬᠡᠢ ᠮᠧᠬᠠᠨᠢᠭᠵᠢᠭᠰᠠᠨ ᠨᠣᠷᠮ᠎ᠠ 95.8%ᠬᠦᠷᠴᠦ᠂ ᠴᠥᠮ ᠪᠦᠬᠦ ᠣᠷᠤᠨ ᠳᠤ ᠲᠦᠷᠦᠭᠦᠯᠡᠪᠡ᠃ | ᠶᠠᠭᠰᠢ ᠬᠤᠲᠠ ᠶᠢᠨ ᠪᠤᠭᠤᠳᠠᠢ᠂ ᠰᠢᠯᠢᠮᠳᠡᠭ᠂ ᠲᠦᠮᠦᠰᠦ ᠡᠳ᠋ᠰᠢᠭᠦᠯᠦᠨ ᠦᠢᠯᠡᠳᠪᠦᠷᠢᠯᠡᠬᠦ ᠰᠠᠭᠤᠷᠢᠨ ᠭᠠᠵᠠᠷ ᠨᠢ ᠪᠦᠬᠦ ᠤᠯᠤᠰ ᠤᠨ ᠪᠤᠬᠢᠷᠲᠤᠯ ᠦᠭᠡᠢ ᠢᠳᠡᠭᠡᠨ ᠤ | ᠲᠦᠭᠦᠭᠡᠢ ᠮᠠᠲ᠋ᠧᠷᠢᠶᠠᠯ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠨᠡᠷᠡᠰ ᠲᠤ ᠣᠷᠤᠪᠠ᠃ ᠬᠦᠯᠦᠨ ᠪᠥᠢᠷ ᠤᠨ ᠭᠠᠶᠢᠮᠤ ᠶᠢᠨ ᠲᠣᠰᠤ᠂ | ᠲᠠᠯ᠎ᠠ ᠨᠤᠲᠤᠭ ᠤᠨ ᠬᠤᠨᠢᠨ ᠮᠢᠬ᠎ᠠ ᠤᠯᠤᠰ ᠤᠨ ᠲᠡᠰ ᠤᠨ ᠰᠣᠳᠣᠨ ᠲᠠᠸᠠᠷ ᠤᠨ ᠪᠣᠶᠢᠵᠢᠭᠤᠯᠬᠤ ᠲᠦᠯᠦᠪᠯᠡᠭᠡ ᠳᠤ ᠰᠣᠩᠭᠤᠭᠳᠠᠪᠠ᠃ ᠠᠵᠤ ᠦᠢᠯᠡᠳᠪᠦᠷᠢ ᠶᠢᠨ | ᠠᠵᠤ ᠠᠬᠤᠢ ᠲᠣᠭᠲᠠᠭᠤᠨ ᠢᠶᠠᠷ ᠰᠠᠶᠢᠵᠢᠷᠠᠪᠠ᠃ ᠡᠨᠧᠷᠭᠢ ᠶᠢᠨ ᠠᠮᠤᠷ ᠲᠦᠪᠰᠢᠨ ᠤ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠭᠦᠷᠡᠰᠦᠨ ᠤ | ᠭᠠᠷᠤᠯᠲᠠ 1.07 ᠳ᠋ᠥᠩᠰᠢᠭᠤᠷ ᠲᠣᠨ ᠳᠤ ᠬᠦᠷᠴᠦ᠂ ᠴᠠᠬᠢᠯᠭᠠᠨ ᠭᠠᠷᠭᠠᠯᠲᠠ 412 ᠳ᠋ᠥᠩᠰᠢᠭᠤᠷ ᠭᠷᠠᠳᠦ᠋ᠰ ᠲᠤ ᠬᠦᠷᠪᠡ᠃ ᠬᠤᠸᠠ ᠨᠧᠩ ᠤᠨ ᠬᠠᠶᠢᠯᠠᠷ | ᠢᠯᠴᠢ ᠴᠠᠬᠢᠯᠭᠠᠨ ᠤ ᠦᠢᠯᠡᠳᠪᠦᠷᠢ᠂ ᠳᠠᠯᠠᠢ ᠨᠠᠭᠤᠷ ᠢᠯᠴᠢ ᠴᠠᠬᠢᠯᠭᠠᠨ ᠤ ᠦᠢᠯᠡᠳᠪᠦᠷᠢ ᠶᠢᠨ 60 ᠲᠥᠮᠡᠨ ᠺᠢᠯᠤᠸᠠᠲ ᠰᠠᠯᠬᠢᠨ ᠤ ᠴᠠᠬᠢᠯᠭᠠᠨ ᠤ ᠲᠥᠷᠦᠯ | ᠵᠦᠢᠯ ᠢ ᠪᠠᠶᠢᠭᠤᠯᠤᠨ ᠲᠣᠣᠷ ᠲᠤ ᠨᠡᠶᠢᠯᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ 30 ᠲᠥᠮᠡᠨ ᠺᠢᠯᠤᠸᠠᠲ ᠤᠨ ᠡᠯᠡᠰᠦ ᠶᠢ ᠰᠡᠷᠭᠡᠶᠢᠯᠡᠨ ᠵᠠᠰᠠᠬᠤ ᠪᠠ | ᠰᠠᠯᠬᠢᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠥᠪᠡᠷᠲᠡᠭᠡᠨ ᠵᠠᠰᠠᠬᠤ ᠤᠷᠤᠨ ᠤ ᠵᠦᠪᠰᠢᠶᠡᠷᠡᠯ ᠢ ᠤᠯᠵᠤ᠂ ᠰᠢᠨ᠎ᠡ ᠡᠨᠧᠷᠬᠢ | ᠪᠠ ᠲᠠᠬᠢᠨ ᠡᠭᠦᠰᠴᠦ ᠪᠣᠯᠬᠤ ᠡᠨᠧᠷᠬᠢ ᠶᠢ 367 ᠲᠦᠮᠡᠨ ᠺᠢᠯᠤᠸᠠᠲ ᠲᠣᠣᠷ ᠲᠤ ᠨᠡᠶᠢᠯᠡᠭᠦᠯᠦᠨ ᠮᠠᠰᠢᠨ ᠴᠣᠭᠴᠠᠯᠠᠵᠣ᠂ ᠶᠡᠷᠦᠩᠬᠡᠢ ᠮᠠᠰᠢᠨ ᠴᠣᠭᠴᠠᠯᠠᠪᠤᠷᠢ ᠶᠢᠨ | ᠬᠤᠪᠢ ᠶᠢᠨ ᠬᠠᠷᠢᠴᠠᠯ 32% ᠢ ᠡᠵᠡᠯᠡᠪᠡ᠃ ᠳᠤᠮᠳᠠᠳᠤ ᠤᠯᠤᠰ ᠤᠨ ᠰᠢᠵᠢᠷ ᠠᠯᠲᠠ ᠪᠦᠯᠦᠭᠯᠡᠯ ᠤᠨ ᠵᠡᠰ ᠪᠠᠭᠠᠲᠠᠢ ᠬᠠᠶᠠᠭᠳᠠᠮᠠᠯ ᠴᠢᠯᠠᠭᠤ ᠡᠭᠡᠭᠦᠯᠦᠨ ᠬᠤᠷᠢᠶᠠᠬᠤ᠂ | ᠴᠢ ᠯᠦ ᠡᠮ ᠦᠢᠯᠡᠳᠬᠦ ᠶᠢᠨ ᠡᠲ᠋ᠢᠯ ᠣᠯᠠᠨᠴᠢ ᠪᠠᠺᠲ᠋ᠧᠷᠢ ᠠᠯᠠᠬᠤ ᠡᠳ᠋ ᠵᠡᠷᠭᠡ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠹᠦ᠋ ᠹᠧᠩ ᠤᠨ | ᠭᠤᠷᠪᠠᠳᠤᠭᠠᠷ ᠬᠤᠭᠤᠴᠠᠭᠠᠲᠤ᠂ ᡂᠢ ᠬᠤᠩ ᠠᠭᠤᠷᠬᠠᠢ ᠶᠢᠨ ᠲᠤᠭᠤᠯᠭ᠎ᠠ ᠴᠠᠶᠢᠷ ᠪᠣᠯᠪᠠᠰᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠦᠯ ᠵᠦᠢᠯ | ᠪᠠᠲᠤᠲᠠᠢ ᠠᠬᠢᠪᠠ᠃ ᠵᠡᠭᠦᠨ ᠬᠤᠶᠢᠲᠤ ᠶᠢᠨ ᠹᠦ᠋ ᠹᠧᠩ ᠥᠪᠡᠷᠲᠡᠭᠡᠨ ᠵᠠᠰᠠᠬᠤ ᠤᠷᠤᠨ ᠤ ᠲᠡᠰ ᠤᠨ ᠦᠢᠯᠡᠳᠬᠦ ᠦᠢᠯᠡᠰ ᠤᠨ ᠭᠠᠭᠴᠠ ᠵᠦᠢᠯ ᠤᠨ ᠲᠡᠷᠢᠭᠦᠨ ᠤ | ᠴᠣᠯᠠ ᠬᠦᠷᠲᠡᠵᠦ᠂ ︽ᠬᠠᠢ ᠷᠦ᠋︾ ᠨᠢ ︽ᠳᠤᠮᠳᠠᠳᠤ ᠤᠯᠤᠰ ᠤᠨ ᠬᠠᠭᠤᠴᠢᠨ ᠨᠡᠷᠡᠲᠦ︾ ᠳᠤ ᠠᠮᠵᠢᠯᠲᠠᠲᠠᠢ ᠰᠣᠩᠭᠤᠭᠳᠠᠪᠠ᠃ ᠰᠤᠶᠤᠯ ᠵᠢᠭᠤᠯᠴᠢᠯᠠᠯ ᠤᠨ | ᠠᠵᠤ ᠦᠢᠯᠡᠰ ᠴᠢᠨᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠬᠦᠯᠦᠨ ᠪᠥᠢᠷ ᠤᠨ ᠰᠠᠷᠠᠭᠤᠯ ᠲᠠᠯ᠎ᠠ ᠨᠤᠲᠤᠭ · ᠮᠡᠷᠭᠡᠯ ᠭᠤᠣᠯ ᠤᠨ ᠦᠵᠡᠮᠵᠢ ᠶᠢᠨ | ᠣᠷᠤᠨ ᠨᠢ ᠪᠦᠬᠦ ᠤᠷᠤᠨ ᠤ ᠠᠩᠬᠠᠳᠠᠭᠴᠢ ᠤᠯᠤᠰ ᠤᠨ 5A ᠲᠡᠰ ᠤᠨ ᠲᠠᠯ᠎ᠠ ᠨᠤᠲᠤᠭ ᠤᠨ ᠭᠤᠣᠯ ᠰᠡᠳᠦᠪᠲᠦ ᠦᠵᠡᠮᠵᠢ ᠶᠢᠨ ᠤᠷᠤᠨ ᠪᠣᠯᠪᠠ᠃ ᠳᠤᠮᠳᠠᠳᠤ | ᠤᠯᠤᠰ ᠤᠨ ᠬᠦᠢᠲᠡᠨ ᠤ ᠲᠤᠶᠢᠯ ᠤᠨ ᠲᠣᠰᠬᠤᠨ ᠵᠡᠷᠭᠡ 24 ᠰᠤᠶᠤᠯ ᠵᠢᠭᠤᠯᠴᠢᠯᠠᠯ ᠤᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠶᠡᠭᠡ | ᠬᠢᠩᠭᠠᠨ ᠳᠠᠪᠠᠭᠠᠨ ᠤ ᠵᠢᠭᠤᠯᠴᠢᠯᠠᠯ ᠤᠨ ᠬᠤᠯᠪᠤᠭ᠎ᠠ ᠶᠢ ᠪᠠᠶᠢᠭᠤᠯᠪᠠ᠃ ︽ᠬᠤᠷᠤᠭᠤᠨ ᠦᠵᠦᠭᠦᠷ ᠲᠠᠬᠢ ᠬᠦᠯᠦᠨ ᠪᠥᠢᠷ︾ ᠨᠢ ᠪᠦᠬᠦ ᠤᠯᠤᠰ ᠤᠨ ᠣᠶᠤᠨᠲᠦ | ᠵᠢᠭᠤᠯᠴᠢᠯᠠᠯ ᠤᠨ ᠦᠲᠡᠭᠦᠰ ᠲᠤ ᠲᠣᠬᠢᠷᠠᠭᠤᠯᠬᠤ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ ᠡᠪᠦᠯ ᠤᠨ ᠪᠠᠭᠠᠲᠤᠷ ᠵᠣᠷᠢᠭᠲᠠᠳ ᠤᠨ ᠴᠣᠭᠯᠠᠭᠠᠨ ᠤ ᠲᠥᠷᠦᠯ | ᠲᠡᠮᠳᠡᠭ ᠢᠶᠠᠷ ᠬᠦᠲᠦᠯᠦᠨ ᠳᠠᠭᠠᠭᠤᠯᠵᠤ᠂ ︽ᠠᠶᠠᠯᠭᠤᠲᠤ ᠵᠢᠭᠤᠯᠴᠢᠯᠠᠯ ᠥᠪᠦᠷ ᠮᠣᠩᠭᠤᠯ·ᠪᠠᠶᠠᠷ ᠪᠠᠶᠠᠰᠬᠤᠯᠠᠩᠲᠣ ᠮᠦᠰᠦ ᠴᠠᠰᠤᠨ ᠤ ᠤᠯᠠᠷᠢᠯ︾ ᠭᠡᠬᠦ ᠰᠢᠷᠢᠰ | ᠠᠵᠢᠯᠯᠠᠭ᠎ᠠ ᠶᠢ ᠠᠮᠵᠢᠯᠲᠠᠲᠠᠢ ᠡᠷᠬᠢᠯᠡᠨ᠂ ᠪᠦᠬᠦ ᠤᠯᠤᠰ ᠤᠨ ᠴᠠᠰᠤᠨ ᠮᠣᠲ᠋ᠤᠷ ᠲᠡᠷᠭᠡᠨ ᠤ ᠬᠡᠭᠡᠷᠡᠯᠡᠨ ᠠᠶᠠᠯᠠᠬᠤ ᠱᠠᠩᠨᠠᠯᠲᠤ ᠤᠷᠤᠯᠳᠤᠭᠠᠨ ᠪᠠ ᠳᠤᠮᠳᠠᠳᠤ | ᠤᠯᠤᠰ ᠤᠨ ᠮᠠᠰᠢᠨ ᠲᠡᠷᠭᠡᠨ ᠤ ᠣᠶᠢᠷ᠎ᠠ ᠵᠠᠢ ᠶᠢᠨ ᠲᠠᠲᠠᠬᠤ ᠬᠦᠴᠦᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠠᠵᠢᠯᠯᠠᠭ᠎ᠠ ᠶᠢ ᠬᠦᠷ ᠬᠦᠭᠵᠢᠶᠡᠨᠲᠡᠢ | ᠡᠷᠬᠢᠯᠡᠭᠡᠳ᠂ ᠥᠪᠦᠷ ᠮᠣᠩᠭᠤᠯ ᠤᠨ ᠡᠪᠦᠯ ᠤᠨ ᠵᠢᠭᠤᠯᠴᠢᠯᠠᠯ ᠤᠨ ︽ᠲᠡᠷᠢᠭᠦᠨ ᠫᠤᠤ︾ ᠶᠢ ᠲᠠᠯᠪᠢᠵᠤ᠂ ᠡᠪᠣᠯ ᠤᠨ ᠵᠢᠭᠤᠯᠴᠢᠯᠠᠯ ᠤᠨ ᠬᠦᠯᠢᠶᠡᠨ ᠠᠪᠤᠭᠰᠠᠳ | ᠪᠣᠯᠤᠨ ᠵᠢᠭᠤᠯᠴᠢᠯᠠᠯ ᠤᠨ ᠵᠠᠷᠤᠳᠠᠯ ᠴᠦᠮ 40% ᠠᠴᠠ ᠳᠡᠭᠡᠭᠰᠢ ᠨᠡᠮᠡᠭᠳᠡᠵᠦ᠂ 9 ᠵᠢᠯ ᠦᠷᠭᠦᠯᠵᠢᠯᠡᠨ ᠪᠦᠬᠦ ᠤᠯᠤᠰ ᠤᠨ ︽ᠮᠦᠰᠦ ᠴᠠᠰᠤᠨ ᠤ | ᠵᠢᠭᠤᠯᠴᠢᠯᠠᠯ ᠤᠨ ᠠᠷᠪᠠᠨ ᠰᠣᠳᠤᠨ ᠬᠤᠲᠠ︾ ᠪᠠᠷ ᠦᠨᠡᠯᠡᠭᠳᠡᠪᠡ᠃ ᠵᠢᠱᠢᠯᠲᠡ ᠪᠠᠷ ᠪᠦᠬᠦ ᠤᠯᠤᠰ ᠤᠨ ᠳᠤᠲᠤᠭᠠᠲᠤ ᠭᠠᠳᠠᠭᠠᠳᠤ ᠶᠢᠨ ᠵᠤᠭᠠᠴᠠᠭᠰᠠᠳ ᠢ 3500 | ᠲᠥᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠵᠠᠷᠤᠳᠠᠯ 600 ᠳ᠋ᠦᠩᠰᠢᠭᠤᠷ ᠲᠦᠭᠦᠷᠢᠭ ᠪᠠᠶᠢᠵᠣ᠂ ᠲᠤᠰ ᠪᠦᠷᠢ 19.8% ᠪᠠ | 21.4% ᠨᠡᠮᠡᠭᠳᠡᠪᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠴᠢᠳᠠᠯ ᠬᠤᠷᠠᠮᠳᠤᠭᠤᠯᠤᠨ ᠨᠥᠯᠦᠭᠡ ᠡᠭᠦᠰᠪᠡ᠃ ᠤᠯᠤᠰ ᠤᠨ ᠳᠤᠲᠤᠭᠠᠳᠤ ᠭᠠᠳᠠᠭᠠᠳᠤ ᠶᠢᠨ | 278 ᠡᠷᠦᠬᠡ ᠬᠦᠢᠲᠡᠨ ᠳᠤ ᠳᠠᠭᠠᠭᠠᠬᠤ ᠶᠢ ᠲᠤᠷᠰᠢᠬᠤ ᠲᠡᠷᠭᠡᠨ ᠤ ᠠᠵᠤ ᠠᠬᠤᠶᠢᠯᠠᠯ ᠢ ᠬᠦᠯᠢᠶᠡᠨ ᠠᠪᠴᠤ᠂ 2604 ᠤᠳᠠᠭ᠎ᠠ ᠲᠡᠷᠭᠡ ᠰᠢᠯᠭᠠᠨ ᠲᠤᠷᠰᠢᠵᠤ᠂ 1. | 7 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠤᠯᠭ᠎ᠠ ᠣᠯᠪᠠ᠃ ᠭᠡᠭᠡᠨ ᠭᠤᠣᠯ ᠬᠤᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠳᠤ | ᠳᠠᠭᠠᠭᠠᠮᠠᠭᠠᠢ ᠴᠢᠨᠠᠷ ᠤᠨ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠤᠭᠳᠠᠨ ᠠᠰᠢᠭᠯᠠᠯᠲᠠ ᠳᠤ ᠣᠷᠤᠪᠠ᠃ ᠳᠣᠣᠷ᠎ᠠ ᠠᠭᠠᠷ ᠤᠨ ᠤᠷᠤᠨ ᠢᠶᠠᠷ ᠨᠢᠰᠬᠦ | ᠲᠤᠷᠰᠢᠭᠰᠠᠳ ᠢ ᠵᠢᠯ ᠳᠤ 5000 ᠬᠦᠮᠦᠨ ᠤᠳᠠᠭ᠎ᠠ ᠬᠦᠯᠢᠶᠡᠨ ᠠᠪᠤᠪᠠ᠃ ᠥᠪᠡᠷᠲᠡᠭᠡᠨ ᠵᠠᠰᠠᠬᠤ ᠤᠷᠤᠨ ᠤ ᠣᠢ ᠰᠢᠭᠤᠢ ᠶᠢᠨ ᠨᠡᠭᠦᠷᠡᠰᠦᠲᠥ᠋ᠷᠥᠭᠴᠢ | ᠬᠤᠷᠠᠭᠤᠯᠬᠤ ᠥᠷᠲᠡᠭ ᠤᠨ ᠪᠡᠶᠡᠯᠡᠭᠳᠡᠯ ᠪᠠ ᠣᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠠᠵᠢᠯ ᠤᠨ ᠲᠤᠷᠰᠢᠯᠲᠠ ᠶᠢᠨ | ᠴᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠭᠡᠭᠡᠨ ᠤᠶᠢᠵᠢᠭᠤᠯᠤᠯᠲᠠ ᠪᠠᠷ 7 ᠲᠦᠮᠡᠨ ᠮᠦ ᠨᠡᠭᠦᠷᠡᠰᠦᠲᠦ᠋ᠷᠦᠭᠴᠢ ᠬᠤᠷᠠᠭᠤᠯᠵᠤ᠂ 2000 ᠮᠦ | ᠨᠡᠭᠦᠷᠡᠰᠦᠲᠦ᠋ᠷᠦᠭᠴᠢ ᠰᠠᠭᠠᠷᠮᠠᠭᠵᠢᠭᠤᠯᠬᠤ ᠤᠢ ᠶᠢ ᠲᠠᠷᠢᠵᠤ ᠤᠶᠢᠵᠢᠭᠤᠯᠤᠨ᠂ ᠭᠦᠯᠦᠨ ᠪᠤᠶᠢᠷ ᠤᠨ ᠤᠢ ᠰᠢᠭᠤᠢ ᠶᠢᠨ ᠪᠦᠯᠦᠭᠯᠡᠯ ᠬᠢᠭᠡᠳ ᠬᠦᠳᠡᠭᠡ ᠲᠤᠰᠬᠤᠨ ᠤ | ᠬᠤᠳᠠᠯᠳᠤᠭᠠᠨ ᠤ ᠪᠠᠩᠭᠢ ︽ᠨᠡᠭᠦᠷᠡᠰᠦᠲᠦ᠋ᠷᠦᠭᠴᠢ ᠶᠢᠨ ᠬᠤᠷᠠᠮᠠᠯ + ᠮᠦᠩᠭᠦᠨ ᠭᠦᠢᠯᠭᠡᠭᠡᠨ︾ ᠤ ᠰᠢᠨ᠎ᠡ ᠵᠠᠭᠪᠤᠷ ᠢ ᠬᠤᠯᠪᠤᠭᠠᠯᠠᠨ ᠡᠬᠢᠯᠡᠭᠦᠯᠪᠡ᠃ |