2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 2
ᠨᠡᠶᠢᠲᠡᠯᠡᠭᠰᠡᠨ ᠴᠠᠭ᠄
2025/2/12
       ︵ᠭᠤᠷᠪᠠ︶ ᠬᠦᠭᠵᠢᠯᠲᠡ ᠶᠢᠨ ᠬᠦᠳᠡᠯᠭᠡᠭᠴᠢ ᠡᠨᠧᠷᠭᠢ ᠲᠠᠰᠤᠷᠠᠯᠳᠠ ᠦᠭᠡᠢ ᠴᠢᠩᠭᠠᠷᠠᠪᠠ᠃ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠭᠤᠯᠤᠯᠳᠠ ᠶᠢᠨ ᠦᠷ᠎ᠡ ᠪᠦᠲᠦᠮᠵᠢ ᠢᠯᠡᠳᠳᠡ ᠪᠤᠯᠪᠠ᠃ 295 ᠵᠦᠢᠯ ᠤᠨ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠭᠤᠯᠤᠯᠳᠠ ᠶᠢᠨ ᠵᠢᠯ ᠤᠨ ᠡᠭᠦᠷᠭᠡ ᠶᠢ ᠪᠦᠬᠦᠨ ᠢ ᠪᠡᠶᠡᠯᠡᠬᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠨᠠᠷᠢᠨ ᠬᠠᠭᠤᠳᠠᠰᠤ ᠶᠢᠨ 22 ᠴᠢᠬᠤᠯᠠ ᠶᠡᠭᠡ ᠲᠦᠷᠦᠯ ᠵᠦᠢᠯ ᠢ ᠠᠵᠢᠯ ᠡᠬᠢᠯᠡᠬᠦᠯᠵᠦ᠂ ︽ᠬᠤᠶᠠᠷ ᠰᠢᠨ᠎ᠡ︾ ︽ᠬᠤᠶᠠᠷ ᠴᠢᠬᠤᠯᠠ︾ ᠬᠡᠳᠤ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠪᠠ ᠲᠦᠪ ᠤᠨ ᠲᠦᠰᠦᠪ ᠤᠨ ᠳᠤᠳᠤᠨᠡᠬᠢ ᠵᠡᠷᠭᠡ ᠪᠡᠯᠡ ᠮᠦᠩᠭᠦ ᠶᠢ 39.9 ᠳ᠋ᠦᠩᠰᠢᠭᠤᠷ ᠲᠦᠬᠦᠷᠢᠭ ᠴᠢᠷᠮᠠᠶᠢᠨ ᠤᠯᠵᠦ᠂ ᠪᠤᠳᠠᠳᠠᠶᠢᠵᠢᠭᠰᠠᠨ ᠪᠡᠯᠡ ᠮᠦᠩᠭᠦ ᠪᠦᠬᠦ ᠤᠷᠤᠨ ᠤ ᠲᠡᠷᠢᠬᠦᠨ ᠪᠠᠶᠢᠷᠢᠨ ᠳᠤ ᠤᠷᠤᠪᠠ᠃ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠦᠷᠬᠦᠯᠵᠢᠯᠡᠨ ᠰᠢᠯᠢᠳᠡᠭᠵᠢᠪᠡ᠃ ︽ᠳᠠᠭᠤᠳᠠᠪᠠᠯ ᠬᠠᠷᠢᠭᠤ ᠲᠠᠢ︾ ᠲᠦᠷᠦᠯ ᠲᠡᠮᠳᠡᠭ ᠢ ᠠᠮᠵᠢᠯᠳᠠ ᠲᠠᠢ ᠪᠠᠶᠢᠭᠤᠯᠵᠤ᠂ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠰᠢᠯᠢᠳᠡᠭᠵᠢᠬᠦᠯᠬᠦ 25 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠦᠨᠳᠦᠷ ᠪᠦᠲᠦᠮᠵᠢᠳᠡᠢ ᠪᠠᠷ ᠨᠢᠭᠡ ᠶᠠᠪᠤᠳᠠᠯ ᠢ ᠪᠦᠲᠦᠭᠡᠬᠦ︾ ᠬᠡᠷᠡᠭ ᠶᠠᠪᠤᠳᠠᠯ ᠢ ᠭᠦᠢᠴᠡᠳᠬᠡᠬᠦ ᠲᠤᠭ᠎ᠠ ᠬᠡᠮᠵᠢᠶ᠎ᠡ 3.6 ᠲᠦᠮᠡ ᠬᠦᠷᠴᠦ᠂ 2.6 ᠲᠦᠮᠡᠨ ᠡᠷᠦᠬᠡ ᠵᠠᠬ᠎ᠠ ᠳᠡᠯᠬᠡᠬᠦᠷ ᠤᠨ ᠭᠤᠤᠯ ᠴᠤᠭᠴᠠ ᠶᠢ ᠰᠢᠨ᠎ᠡ ᠪᠠᠷ ᠨᠡᠮᠡᠭᠳᠡᠬᠦᠯᠵᠦ᠂ 1.5 ᠲᠦᠮᠡ ᠢᠯᠡᠬᠦᠦ ᠡᠷᠦᠬᠡ ᠠᠵᠤ ᠠᠬᠤᠶᠢᠯᠠᠯ ᠦᠪᠡᠷᠲᠡᠭᠡᠨ ᠵᠠᠰᠠᠬᠤ ᠤᠷᠤᠨ ᠤ ︽ᠦᠨᠡᠨᠴᠢ ᠢᠳᠡᠭᠡᠮᠵᠢᠳᠡᠢ ᠨᠡᠶᠢᠲᠡᠯᠢᠭ ᠠᠵᠤ ᠠᠬᠤᠶᠢᠯᠠᠯ︾ ᠤᠨ ᠴᠤᠯᠠ ᠬᠦᠷᠲᠡᠪᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠰᠢᠪᠲᠤᠯᠤᠯᠲᠠ ᠳᠤ ᠠᠩᠬᠠᠷᠤᠯ  ᠢᠶᠠᠨ ᠲᠦᠪᠯᠡᠷᠡᠭᠦᠯᠪᠡ᠃ 6 ᠡᠷᠦᠬᠡ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠲᠤᠭᠲᠠᠭᠠᠵᠤ᠂ 124 ᠡᠷᠦᠬᠡ ᠰᠢᠨᠵᠢᠯᠡᠬᠦ ᠤᠬᠠᠭᠠᠨ ᠮᠡᠷᠭᠡᠵᠢᠯ ᠤᠨ ᠮᠠᠶ᠋ᠢᠭ ᠤᠨ ᠳᠤᠮᠳᠠ ᠪᠠᠭ᠎ᠠ ᠠᠵᠤ ᠠᠬᠤᠶᠢᠯᠠᠯ ᠢ ᠬᠦᠮᠦᠷᠭᠡᠯᠡᠪᠡ᠃ ᠬᠤᠸᠠ ᠨᠧᠩ ᠤᠨ ᠢᠮᠢᠨ ᠵᠠᠳᠠᠭᠠᠢ ᠠᠭᠤᠷᠬᠠᠢ ᠶᠢᠨ ᠵᠢᠯᠤᠭᠤᠴᠢ ᠦᠭᠡᠢ ᠠᠭᠤᠷᠬᠠᠢ ᠶᠢᠨ ᠺᠠᠷᠲ ᠢ ᠰᠤᠳᠤᠯᠤᠨ ᠨᠡᠭᠡᠭᠡᠳ ᠠᠰᠢᠭᠯᠠᠯᠲᠠ ᠳᠤ ᠤᠷᠤᠭᠤᠯᠪᠠ᠃ ᠬᠦᠯᠦᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠳᠠ ᠶᠢᠨ ᠪᠦᠯᠦᠭᠯᠡᠯ ᠤᠨ ︽ᠹᠦ᠋ ᠰᠢ ᠮᠠᠯᠵᠢᠯ ᠤᠨ ᠲᠠᠯᠠᠪᠠᠢ︾ ᠵᠠᠭᠪᠤᠷ ᠨᠢ ᠪᠦᠬᠦ ᠤᠯᠤᠰ ᠤᠨ ᠤᠶᠤᠨᠲᠤ ᠲᠠᠷᠢᠶᠠᠯᠠᠩ ᠤᠨ ᠠᠵᠢᠯᠯᠠᠭᠠᠨ ᠤ ᠲᠦᠯᠦᠪᠯᠡᠭᠡ ᠳᠤ ᠰᠤᠩᠭᠤᠭᠳᠠᠪᠠ᠃ 54 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠠᠩᠰᠠᠯᠠᠭᠤᠯᠵᠤ᠂ 37 ᠵᠦᠢᠯ ᠤᠨ ᠮᠡᠷᠭᠡᠵᠢᠯ ᠤᠨ ᠬᠡᠯᠡᠯᠴᠡᠭᠡᠷ ᠢ ᠮᠠᠭᠠᠳᠯᠠᠨ ᠲᠤᠭᠲᠠᠭᠠᠵᠤ ᠳᠠᠩᠰᠠᠯᠠᠭᠤᠯᠤᠨ᠂ ᠠᠷᠠᠯᠵᠢᠭᠰᠠᠨ ᠲᠤᠭ᠎ᠠ 1.53 ᠳ᠋ᠦᠩᠰᠢᠭᠤᠷ ᠲᠦᠬᠦᠷᠢᠭ ᠲᠤ ᠬᠦᠷᠪᠡ᠃       ︵ᠳᠦᠷᠪᠡ︶ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠬᠦᠴᠢᠷ ᠲᠦᠪᠡᠭ ᠢ ᠲᠠᠶᠢᠯᠠᠨ ᠡᠬᠢᠯᠡᠭᠦᠯᠪᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠳᠡ ᠪᠤᠳᠠᠳᠤ ᠦᠷ᠎ᠡ ᠪᠦᠲᠦᠮᠵᠢ ᠤᠯᠪᠠ᠃ ᠬᠤᠲᠠ ᠶᠢᠨ ᠡᠨᠧᠷᠭᠢ ᠶᠢᠨ ᠪᠡᠯᠡ ᠤᠷᠤᠭᠤᠯᠤᠯᠳᠠ ᠶᠢᠨ ᠺᠤᠮᠫᠠᠨᠢ ᠠᠮᠵᠢᠯᠳᠠᠳᠠᠢ ᠵᠤᠬᠢᠶᠠᠨ ᠪᠠᠶᠢᠭᠤᠯᠤᠭᠳᠠᠪᠠ᠃ ᠪᠡᠯᠡ ᠭᠠᠷᠭᠠᠵᠤ ᠬᠢᠨᠠᠨ ᠬᠠᠮᠢᠶᠠᠷᠬᠤ ᠠᠵᠤ ᠠᠬᠤᠶᠢᠯᠠᠯ ᠢ 12 ᠡᠷᠦᠬᠡ ᠠᠴᠠ 10 ᠡᠷᠦᠬᠡ ᠪᠤᠯᠭᠠᠨ ᠨᠡᠶᠢᠯᠡᠬᠦᠯᠵᠦ᠂ ᠬᠤᠶᠠᠳᠤᠭᠠᠷ ᠭᠤᠷᠪᠠᠳᠤᠭᠠᠷ ᠳᠡᠰ ᠤᠨ ᠬᠤᠪᠢᠶᠠᠷᠢ ᠠᠵᠤ ᠠᠬᠤᠶᠢᠯᠠᠯ ᠢ ᠲᠤᠰ ᠪᠦᠷᠢ 24.5% ᠪᠠ 31% ᠬᠠᠰᠤᠪᠠ᠃ ᠬᠤᠲᠠ ᠶᠢᠨ ᠬᠠᠷᠢᠶ᠎ᠠ ᠶᠢᠨ ᠬᠢᠨᠠᠨ ᠬᠠᠮᠢᠶᠠᠷᠬᠤ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠡᠵᠡᠩᠨᠡᠯᠳᠡ ᠶᠢᠨ ᠤᠷᠤᠯᠭ᠎ᠠ᠂ ᠠᠰᠢᠭ ᠤᠯᠵᠠᠪᠤᠷᠢ ᠶᠢᠨ ᠶᠡᠷᠦᠩᠭᠡᠢ ᠲᠤᠭ᠎ᠠ᠂ ᠳᠡᠭᠡᠭᠰᠢ ᠲᠤᠰᠢᠶᠠᠭᠰᠠᠨ ᠤᠯᠤᠰ ᠤᠨ ᠦᠮᠴᠢᠯᠡᠯᠲᠤ ᠪᠡᠯᠡ ᠬᠦᠷᠦᠩᠭᠡ ᠶᠢᠨ ᠠᠰᠢᠭ ᠤᠷᠤᠯᠭ᠎ᠠ ᠲᠤᠰ ᠪᠦᠷᠢ 16.1%᠂ 7.2%᠂ 12.9% ᠨᠡᠮᠡᠭᠳᠡᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠦᠭᠡᠷᠡᠴᠢᠯᠡᠯᠳᠡ  ᠶᠢᠨ ᠰᠢᠪᠲᠤᠯᠤᠯᠳᠠ ᠶᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠳᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ︽1+13+30︾ ᠠᠵᠢᠯ ᠤᠨ ᠲᠤᠭᠲᠠᠯᠴᠠᠭ᠎ᠠ ᠶᠢ ᠪᠦᠬᠦ ᠲᠠᠯ᠎ᠠ ᠪᠠᠷ ᠡᠭᠦᠳᠦᠨ ᠪᠠᠶᠢᠭᠤᠯᠪᠠ᠃ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠭᠡᠢ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠲᠤᠭᠲᠠᠯᠴᠠᠭ᠎ᠠ ᠶᠢ ᠡᠬᠢᠯᠡᠬᠦᠯᠦᠨ ᠪᠠᠶᠢᠭᠤᠯᠵᠤ᠂ ᠲᠦᠷᠦᠬᠦᠦ ᠪᠦᠯᠦᠭ ᠤᠨ ᠲᠤᠷᠰᠢᠯᠲᠠ ᠶᠢᠨ ᠴᠡᠭ ᠤᠨ ᠨᠢᠭᠡᠴᠢ 20 ᠡᠷᠦᠬᠡ ᠪᠠᠶᠢᠵᠤ᠂ ᠶᠠᠭᠰᠢ ᠬᠤᠲᠠ ᠵᠡᠷᠭᠡ ᠭᠠᠵᠠᠷ ᠤᠨ ᠶᠡᠷᠦᠩᠭᠡᠢ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠺᠤᠮᠫᠠᠨᠢ ᠶᠢ ᠲᠦᠷᠦᠬᠦᠯᠡᠨ ᠪᠠᠶᠢᠭᠤᠯᠪᠠ᠃ ︽ᠭᠤᠷᠪᠠᠨ ᠶᠢ ᠬᠤᠪᠢᠷᠠᠭᠤᠯᠬᠤ︾ ᠦᠭᠡᠷᠡᠴᠢᠯᠡᠯᠳᠡ ᠪᠦᠬᠦ ᠲᠠᠯ᠎ᠠ  ᠪᠠᠷ ᠡᠬᠢᠯᠡᠵᠦ᠂ 30 ᠭᠠᠴᠠᠭ᠎ᠠ ᠲᠤᠰᠬᠤᠨ ᠳᠤ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠲᠤᠭᠲᠠᠭᠠᠪᠠ᠃ ᠪᠦᠬᠦ ᠬᠦᠷᠢᠶ᠎ᠡ ᠴᠠᠷᠠᠭ᠎ᠠ᠂ ᠪᠦᠬᠦ ᠡᠯᠧᠮᠧᠨ᠋ᠲ ᠤᠨ ᠡᠬᠢ ᠪᠠᠶᠠᠯᠢᠭ ᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠦᠷᠨᠢᠬᠦᠯᠵᠦ᠂ ᠰᠤᠯᠠ ᠪᠠᠶᠢᠭ᠎ᠠ ᠭᠠᠵᠠᠷ ᠰᠢᠷᠤᠢ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠭᠠᠨ ᠳᠤ ᠠᠩᠬ᠎ᠠ ᠠᠯᠬᠤᠮ ᠤᠨ ᠦᠷ᠎ᠡ ᠪᠦᠲᠦᠭᠡᠯ ᠤᠯᠤᠭᠠᠳ᠂ ᠠᠵᠤ ᠦᠢᠯᠡᠰ ᠤᠨ ᠬᠦᠭᠵᠢᠯᠳᠡ᠂ ᠲᠦᠷᠦᠯ ᠵᠦᠢᠯ ᠤᠨ ᠪᠠᠶᠢᠭᠤᠯᠤᠯᠳᠠ ᠶᠢᠨ ᠤᠷᠤᠨ ᠵᠠᠢ ᠶᠢᠨ ᠴᠡᠭ ᠤᠷᠤᠨ ᠢ ᠲᠤᠳᠤᠷᠬᠠᠶᠢᠯᠠᠪᠠ᠃ ᠤᠢ ᠰᠢᠭᠤᠢ ᠶᠢᠨ ᠵᠢᠷᠭᠤᠭᠠᠨ ᠲᠤᠪᠴᠢᠶᠠᠨ ᠤ ᠦᠬᠡᠷᠡᠴᠢᠯᠡᠯᠳᠡ ᠪᠤᠳᠠᠳᠤ ᠴᠢᠨᠠᠷᠳᠠᠢ ᠰᠢᠪᠲᠤᠯᠤᠯᠳᠠ ᠤᠯᠵᠦ᠂ ᠤᠷᠤᠨ ᠲᠤᠭ᠎ᠠ ᠶᠢ ᠬᠢᠨᠠᠨ ᠲᠤᠭᠲᠠᠭᠠᠬᠤ᠂ ᠤᠯᠭᠤᠮᠵᠢ ᠶᠢ ᠲᠤᠭᠠᠴᠠᠭᠠᠯᠠᠬᠤ ᠵᠡᠷᠭᠡ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠪᠡ᠃ ᠰᠢᠨ᠎ᠡ ᠪᠠᠷᠭᠤ ᠵᠡᠬᠦᠨ ᠬᠤᠰᠢᠭᠤ᠂ ᠵᠠᠯᠠᠶᠢᠨᠠᠭᠤᠷ ᠲᠤᠭᠤᠷᠢᠭ ᠤᠨ ᠬᠦᠮᠦᠨ ᠠᠮᠠ ᠴᠦᠭᠡᠨ ᠬᠤᠰᠢᠭᠤ ᠰᠢᠶᠠᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃       ︵ᠲᠠᠪᠤ︶ ᠬᠤᠲᠠ ᠬᠦᠳᠡᠭᠡ ᠶᠢᠨ ᠬᠦᠭᠵᠢᠯᠳᠡ ᠶᠢ ᠬᠠᠷᠢᠯᠴᠠᠨ ᠠᠬᠢᠭᠤᠯᠵᠤ ᠬᠠᠮᠲᠤᠪᠠᠷ ᠳᠠᠪᠰᠢᠪᠠ᠃ ᠬᠤᠲᠠ ᠶᠢᠨ ᠴᠢᠳᠠᠮᠵᠢ ᠳᠠᠰᠤᠷᠠᠯᠳᠠ ᠦᠭᠡᠢ ᠰᠢᠯᠢᠳᠡᠭᠵᠢᠪᠡ᠃ ᠳᠤᠯᠠᠭᠠᠯᠠᠬᠤ ᠢᠨᠵᠧᠨᠧᠷᠢᠩ ᠢ ᠬᠠᠮᠤᠭ ᠲᠡᠷᠢᠬᠦᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ᠂ 41ᠲᠦᠷᠦᠯ ᠵᠦᠢᠯ ᠢ ᠪᠦᠬᠦ ᠲᠠᠯ᠎ᠠ  ᠪᠠᠷ ᠡᠬᠢᠯᠡᠬᠦᠯᠵᠦ᠂ ᠨᠡᠶᠢᠲᠡ 14.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ 4 ᠰᠠᠭᠤᠷᠢ ᠢᠯᠴᠢ ᠡᠭᠦᠰᠬᠡᠭᠴᠢ ᠶᠢ ᠰᠢᠨ᠎ᠡ ᠪᠠᠷ ᠪᠠᠶᠢᠭᠤᠯᠤᠨ ᠦᠷᠭᠡᠳᠬᠡᠨ ᠵᠠᠰᠠᠵᠤ᠂ 900 ᠺᠢᠯᠤᠮᠧᠲᠷ ᠬᠤᠭᠤᠯᠠᠢ ᠲᠤᠤᠷ ᠢ ᠰᠢᠨᠡᠳᠬᠡᠨ ᠦᠬᠡᠷᠡᠴᠢᠯᠡᠭᠡᠳ᠂ 774 ᠰᠠᠭᠤᠭᠠᠯᠢ ᠲᠤᠭᠤᠷᠢᠭ᠂ 12.28 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ︔ ᠬᠤᠸᠠ ᠨᠧᠩ ᠺᠤᠮᠫᠠᠨᠢ ᠪᠤᠯᠤᠨ ᠱᠤᠸᠠᠩ ᠯᠢᠶᠠᠩ ᠺᠤᠮᠫᠠᠨᠢ ᠢᠳᠡᠪᠬᠢᠳᠡᠢ ᠴᠤᠤᠷᠢᠶᠠᠲᠤᠨ ᠳᠠᠭᠠᠵᠤ᠂ 7.5 ᠳ᠋ᠦᠩᠰᠢᠭᠤᠷ ᠲᠦᠬᠦᠷᠢᠭ ᠲᠦᠬᠦᠷᠵᠢᠭᠦᠯᠦᠨ ᠪᠡᠯᠡ ᠤᠷᠤᠭᠤᠯᠵᠤ᠂ ᠡᠵᠡᠩᠨᠡᠯᠲᠡ ᠶᠢᠨ ᠤᠷᠤᠨ ᠤ ᠳᠤᠲᠤᠷᠠᠬᠢ ᠬᠠᠭᠤᠴᠢᠨ ᠢᠯᠴᠢ ᠬᠠᠩᠭᠠᠬᠤ ᠲᠦᠬᠦᠭᠡᠷᠦᠮᠵᠢ ᠶᠢ ᠰᠢᠨᠡᠳᠬᠡᠨ ᠦᠬᠡᠷᠡᠴᠢᠯᠡᠬᠡᠳ᠂ ᠵᠠᠰᠠᠭ ᠤᠨ ᠤᠷᠳᠤᠨ ᠤ ᠠᠷᠠᠴᠢᠯᠠᠨ ᠬᠠᠮᠠᠭᠠᠯᠠᠬᠤ ᠦᠪᠡᠷ ᠤᠨ ᠦᠷᠲᠡᠭ ᠢ ᠪᠦᠲᠦᠮᠵᠢᠳᠡᠢ ᠪᠠᠭᠤᠷᠠᠭᠤᠯᠪᠠ︔ 20.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 56 ᠬᠤᠲᠠ ᠶᠢᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠢ ᠬᠡᠷᠡᠭᠵᠢᠬᠦᠯᠪᠡ᠃ 103 ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ᠂ 1.15 ᠲᠦᠮᠡᠨ ᠡᠷᠦᠬᠡ ᠶᠢ ᠰᠢᠨᠡᠳᠬᠡᠨ ᠦᠬᠡᠷᠡᠴᠢᠯᠡᠪᠡ︔ ᠬᠤᠩᠭᠤᠯᠵᠢ ᠶᠢᠨ ᠤᠰᠤᠨ ᠰᠤᠷᠪᠤᠯᠵᠢ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠬᠢᠭᠡᠳ ᠬᠠᠮᠠᠭᠠᠯᠠᠨ ᠵᠠᠰᠠᠵᠤ ᠰᠡᠷᠭᠦᠭᠡᠬᠦ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠪᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠪᠠᠲᠤᠲᠠᠢ ᠠᠬᠢᠪᠠ᠃ ᠡᠯ᠎ᠡ ᠱᠠᠲᠤᠨ ᠤ ᠵᠤᠯᠭᠠᠭᠤᠯᠬᠤ ᠪᠠ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠪᠡᠯᠡ ᠮᠦᠩᠭᠦ ᠶᠢ ᠨᠡᠶᠢᠲᠡ 12.32 ᠳ᠋ᠦᠩᠰᠢᠭᠤᠷ ᠲᠦᠬᠦᠷᠢᠭ ᠤᠷᠤᠭᠤᠯᠵᠤ᠂ 496 ᠲᠦᠷᠦᠯ ᠵᠦᠢᠯ ᠢ ᠬᠡᠷᠡᠭᠵᠢᠬᠦᠯᠵᠦ᠂ 35 ᠳ᠋ᠦᠩᠰᠢᠭᠤᠷ ᠲᠦᠬᠦᠷᠢᠭ ᠢ ᠬᠠᠪᠰᠤᠷᠤᠨ ᠳᠡᠳᠬᠦᠵᠦ ᠵᠠᠷᠤᠴᠠᠭᠤᠯᠪᠠ᠃ ᠲᠠᠷᠢᠶᠠᠯᠠᠬᠤ ᠮᠠᠯᠵᠢᠬᠤ ᠤᠷᠤᠨ ᠤ ᠤᠰᠤ ᠬᠠᠩᠭᠠᠬᠤ ᠢᠨᠵᠧᠨᠧᠷᠢᠩ ᠢ 141 ᠭᠠᠵᠠᠷ ᠰᠢᠨ᠎ᠡ ᠪᠠᠷ ᠪᠠᠶᠢᠭᠤᠯᠤᠨ ᠰᠢᠨᠡᠳᠬᠡᠨ ᠵᠠᠰᠠᠭᠠᠳ᠂ 19 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ︔ ᠳᠤᠮᠳᠠ ᠮᠠᠶ᠋ᠢᠭ ᠤᠨ ᠤᠰᠤᠯᠠᠯᠲᠠ ᠶᠢᠨ ᠤᠷᠤᠨ ᠢ 5 ᠰᠢᠨᠡᠳᠬᠡᠨ ᠦᠭᠡᠷᠡᠴᠢᠯᠡᠵᠦ᠂ ᠤᠰᠤᠯᠠᠯᠲᠠ ᠶᠢᠨ ᠲᠠᠯᠠᠪᠠᠢ ᠶᠢ 57 ᠲᠦᠮᠡᠨ ᠮᠦ ᠰᠢᠨ᠎ᠡ ᠪᠠᠷ ᠨᠡᠮᠡᠭᠳᠡᠬᠦᠯᠪᠡ᠃ ᠠᠷᠢᠭᠤᠨ ᠴᠡᠪᠡᠷ ᠡᠷᠦᠬᠡ ᠶᠢᠨ ᠵᠤᠷᠯᠤᠩ ᠢ 2561 ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠤᠭᠲᠠᠯᠴᠠᠭ᠎ᠠ ᠶᠢᠨ ᠪᠦᠷᠬᠦᠯᠲᠡ ᠶᠢᠨ ᠨᠤᠷᠮ᠎ᠠ 86% ᠬᠦᠷᠪᠡ᠃ ᠡᠷᠭᠦᠨ᠎ᠡ ᠬᠤᠲᠠ 2024 ᠤᠨ ᠤ ᠪᠦᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠢᠶᠠᠷ ᠰᠤᠩᠭᠤᠭᠳᠠᠪᠠ᠃ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠦᠬᠦᠷᠵᠢᠪᠡ᠃ ᠬᠠᠷᠪᠢᠨ ᠠᠴᠠ ᠮᠠᠨᠵᠤᠤᠷ ᠬᠦᠷᠬᠦ ᠱᠤᠭᠤᠮ ᠤᠨ ᠰᠢ ᠯᠢᠩ ᠺᠸᠤ ᠠᠴᠠ ᠪᠤᠭᠲᠤ ᠬᠦᠷᠬᠦ ᠲᠡᠮᠦᠷ ᠵᠠᠮ ᠤᠨ ᠨᠠᠯᠠᠤ ᠪᠡᠯ ᠤᠨ ᠢᠨᠵᠧᠨᠧᠷᠢᠩ ᠤᠨ ᠠᠵᠢᠯ ᠢ ᠡᠬᠢᠯᠡᠬᠦᠯᠦᠨ ᠪᠠᠶᠢᠭᠤᠯᠪᠠ᠃ ᠯᠦᠸᠧ ᠭᠦ᠋ ᠭᠤᠤᠯ ᠠᠴᠠ ᠡᠩᠭᠡᠬᠠᠳᠠ ᠬᠦᠷᠬᠦ᠂ ᠲᠡᠩᠺᠡ ᠠᠴᠠ ᠭᠠᠨ ᠭᠤᠤᠯ ᠲᠠᠷᠢᠶᠠᠯᠠᠩ ᠤᠨ ᠲᠠᠯᠠᠪᠠᠢ ᠬᠦᠷᠬᠦ ᠵᠡᠷᠭᠡ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠲᠡᠷᠡᠵᠦ᠂ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ ᠢ 344 ᠺᠢᠯᠤᠮᠧᠲᠷ᠂ ᠰᠢᠭᠤᠶᠢᠲᠤ ᠤᠷᠤᠨ ᠤ ᠭᠠᠯ ᠰᠡᠷᠭᠡᠶᠢᠯᠡᠬᠦ ᠵᠠᠮ ᠢ 830 ᠺᠢᠯᠤᠮᠧᠲᠷ ᠰᠢᠨ᠎ᠡ ᠪᠠᠷ ᠪᠠᠶᠢᠭᠤᠯᠤᠨ ᠰᠢᠨᠡᠳᠬᠡᠨ ᠵᠠᠰᠠᠭᠠᠳ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ 386 ᠺᠢᠯᠤᠮᠧᠲᠷ ᠲᠤ ᠬᠦᠷᠪᠡ︔ ᠬᠦᠯᠦᠨ ᠪᠤᠶᠢᠷ ᠤᠨ ᠨᠢᠰᠬᠡᠯ ᠤᠨ ᠪᠠᠭᠤᠳᠠᠯ ᠠᠶᠠᠨᠴᠢᠳ ᠢ ᠵᠢᠯ ᠳᠤ ᠵᠦᠭᠡᠭᠡᠪᠦᠷᠢᠯᠡᠬᠦ ᠬᠡᠮᠵᠢᠶ᠎ᠡ 320 ᠲᠦᠮᠡᠨ ᠬᠦᠮᠦᠨ ᠤᠳᠠᠭ᠎ᠠ ᠶᠢᠨ ᠲᠤᠮᠤ ᠪᠤᠭᠤᠮᠲᠠ ᠶᠢ ᠠᠩᠬ᠎ᠠ ᠤᠳᠠᠭ᠎ᠠ ᠰᠢᠪᠲᠤᠯᠤᠭᠠᠳ᠂ ᠤᠮᠠᠷᠠᠳᠤ ᠤᠷᠤᠨ ᠤ ᠠᠶᠠᠨᠴᠢᠳ ᠤᠨ ᠬᠡᠮᠵᠢᠶ᠎ᠡ ᠬᠠᠮᠤᠭ ᠤᠯᠠᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠤᠯᠤᠭᠰᠠᠨ ᠪᠠᠶᠢᠨ᠎ᠠ︔ 5G ᠰᠠᠭᠤᠷᠢ ᠦᠷᠲᠡᠭᠡ ᠶᠢ 700 ᠰᠢᠨ᠎ᠡ ᠪᠠᠷ ᠪᠠᠶᠢᠭᠤᠯᠵᠤ᠂ ᠬᠢᠯᠢ ᠶᠢ ᠪᠠᠬᠢᠵᠢᠬᠦᠯᠬᠦ ᠭᠡᠷᠡᠯᠯᠢᠭ ᠳᠡᠭᠡᠰᠦ ᠶᠢ 2410 ᠺᠢᠯᠤᠮᠧᠲᠷ ᠪᠠᠶᠢᠭᠤᠯᠵᠤ᠂ ᠮᠡᠳᠡᠭᠡ ᠬᠤᠯᠪᠤᠭᠠᠨ ᠤ ᠲᠤᠤᠷ ᠰᠦᠯᠵᠢᠶ᠎ᠡ ᠶᠢᠨ ᠬᠢᠷᠢ ᠲᠦᠪᠰᠢᠨ ᠢᠯᠡᠳᠳᠡ ᠳᠡᠭᠡᠭᠰᠢᠯᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ