︵ᠵᠢᠷᠭᠤᠭ᠎ᠠ︶ ᠠᠮᠢ ᠠᠬᠤᠢ ᠶᠢᠨ ᠪᠠᠶᠢᠭᠤᠯᠤᠯᠳᠠ ᠪᠠᠬᠢᠵᠢᠨ ᠭᠦᠨᠵᠡᠭᠡᠶᠢᠷᠡᠪᠡ᠃ ᠠᠮᠢ ᠠᠬᠤᠢ ᠶᠢᠨ ᠬᠠᠮᠠᠭᠠᠯᠠᠯᠲᠠ ᠦᠷᠬᠦᠯᠵᠢᠯᠡᠨ ᠴᠢᠩᠭᠠᠷᠠᠪᠠ᠃ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠰᠦᠯᠵᠢᠶ᠎ᠡ︾ ᠶᠢᠨ ᠪᠠᠶᠢᠭᠤᠯᠤᠯᠳᠠ ᠶᠢ ᠪᠦᠬᠦ ᠤᠷᠤᠨ ᠳᠤ ᠲᠦᠷᠦᠬᠦᠯᠡᠨ | ᠪᠠᠶᠢᠭᠤᠯᠪᠠ︔ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠨ ᠵᠠᠰᠠᠬᠤ 11 ᠲᠦᠷᠦᠯ ᠵᠦᠢᠯ ᠢ ᠬᠡᠷᠡᠭᠵᠢᠬᠦᠯᠵᠦ᠂ ᠬᠦᠯᠦᠨ ᠨᠠᠭᠤᠷ ᠤᠨ | ᠤᠰᠤᠨ ᠤ ᠬᠡᠮᠵᠢᠶ᠎ᠡ᠂ ᠤᠰᠤᠨ ᠭᠠᠳᠠᠷᠭᠤ ᠶᠢᠨ ᠲᠠᠯᠠᠪᠠᠢ ᠶᠢᠨ ᠲᠤᠭᠲᠠᠭᠤᠨ ᠢ ᠪᠠᠲᠤᠯᠠᠪᠠ︔ 961ᠲᠦᠮᠡᠨ ᠮᠦ ᠨᠤᠲᠤᠭ ᠪᠡᠯᠴᠢᠭᠡᠷ ᠲᠤ ᠪᠡᠯᠴᠢᠭᠡᠷᠯᠡᠬᠦᠯᠬᠦ ᠶᠢ | ᠵᠤᠭᠰᠤᠭᠠᠵᠤ᠂ 9329 ᠲᠦᠮᠡᠨ ᠮᠦ ᠳᠤ ᠮᠠᠯ ᠪᠡᠯᠴᠢᠭᠡᠷ ᠢ ᠲᠡᠩᠴᠡᠭᠦᠷᠢᠰᠢᠬᠦᠯᠵᠦ᠂ ᠮᠠᠯᠵᠢᠬᠤ ᠳᠦᠷᠪᠡᠨ ᠬᠤᠰᠢᠭᠤᠨ ᠤ ᠪᠠᠶᠢᠭᠠᠯᠢᠯᠢᠭ ᠨᠤᠲᠤᠭ ᠪᠡᠯᠴᠢᠭᠡᠷ ᠲᠤ | ᠳᠠᠭᠠᠭᠠᠴᠠ ᠠᠴᠠ ᠬᠡᠲᠦᠷᠡᠬᠦᠯᠦᠨ ᠬᠡᠲᠦ ᠮᠠᠯᠵᠢᠬᠤ ᠨᠤᠷᠮ᠎ᠠ ᠶᠢ 10% ᠳᠤᠳᠤᠷ᠎ᠠ ᠬᠢᠵᠠᠭᠠᠷᠯᠠᠪᠠ᠃ 1251 ᠵᠤᠷᠪᠤᠰ ᠢᠳᠡᠭᠳᠡᠮᠡᠯ ᠭᠤᠤ ᠶᠢ ᠵᠠᠰᠠᠵᠤ᠂ 20 | ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠬᠤ ᠵᠢᠯ ᠤᠨ ᠡᠭᠦᠷᠭᠡ ᠶᠢ ᠪᠦᠬᠦᠨ ᠢ ᠪᠡᠶᠡᠯᠡᠬᠦᠯᠪᠡ᠃ ᠭᠡᠭᠡᠨ ᠭᠤᠤᠯ ᠬᠤᠲᠠ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠶᠢᠨ ︽ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠵᠢᠷᠭᠤᠳᠤᠭᠠᠷ ᠤᠳᠠᠭᠠᠨ ᠤ ᠭᠡᠷᠡᠲᠦ ᠤᠯᠤᠰ ᠤᠨ | ᠶᠡᠭᠡ ᠬᠤᠷᠠᠯ ᠤᠨ ︽ᠪᠠᠶᠢᠭᠠᠯᠢᠯᠢᠭ ᠬᠤᠲᠠ︾ ᠲᠠᠪᠴᠠᠩ ᠳᠤ ᠰᠤᠩᠭᠤᠭᠳᠠᠪᠠ᠃ ᠪᠤᠬᠢᠷᠳᠤᠯ ᠤᠨ ᠰᠡᠷᠭᠡᠶᠢᠯᠡᠨ ᠵᠠᠰᠠᠯᠲᠠ ᠪᠦᠬᠦ ᠲᠠᠯ᠎ᠠ ᠪᠠᠷ ᠪᠠᠬᠢᠵᠢᠪᠡ᠃ ᠠᠭᠠᠷ ᠤᠨ | ᠶᠠᠰᠤ ᠴᠢᠨᠠᠷ ᠴᠡᠪᠡᠷ ᠰᠠᠶᠢᠨ ᠡᠳᠦᠷ ᠤᠨ ᠲᠤᠭᠠᠨ ᠤ ᠬᠠᠷᠢᠴᠠᠯ 98.5% ᠳᠤ ᠬᠦᠷᠴᠦ᠂ ᠭᠠᠵᠠᠷ ᠤᠨ ᠭᠠᠳᠠᠷᠭᠤ ᠶᠢᠨ ᠤᠰᠤᠨ ᠤ ᠤᠭᠲᠤᠯᠤᠭᠠᠰᠤ ᠶᠢᠨ ᠴᠡᠪᠡᠷ | ᠰᠠᠶᠢᠨ ᠤᠰᠤᠨ ᠴᠤᠭᠴᠠ ᠶᠢᠨ ᠬᠠᠷᠢᠴᠠᠯ 80% ᠳᠤ ᠬᠦᠷᠪᠡ︔ 1250 ᠲᠦᠮᠡᠨ ᠮᠦ ᠲᠠᠷᠢᠶᠠᠨ ᠭᠠᠵᠠᠷ ᠢ ᠪᠤᠬᠢᠷᠳᠤᠯ ᠦᠭᠡᠢ ᠰᠡᠷᠭᠡᠶᠢᠯᠡᠨ ᠡᠵᠡᠮᠳᠡᠬᠦ ᠪᠠ | 1195 ᠲᠦᠮᠡᠨ ᠮᠦ ᠶᠢ ᠨᠢᠭᠡᠳᠦᠯᠳᠡᠢ ᠰᠡᠷᠭᠡᠶᠢᠯᠡᠨ ᠵᠠᠰᠠᠬᠤ ᠶᠢ ᠬᠡᠷᠡᠭᠵᠢᠬᠦᠯᠦᠭᠡᠳ᠂ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ | ᠠᠮᠤᠷ ᠲᠦᠪᠰᠢᠨ ᠠᠰᠢᠭᠯᠠᠬᠤ ᠨᠤᠷᠮ᠎ᠠ 100% ᠳᠤ ᠬᠦᠷᠪᠡ᠃ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠳᠠ ᠦᠨᠳᠦᠷ ᠪᠦᠲᠦᠮᠵᠢᠳᠡᠢ ᠠᠬᠢᠪᠠ᠃ | ᠬᠤᠶᠠᠳᠤᠭᠠᠷ ᠡᠭᠡᠯᠵᠢ ᠶᠢᠨ ᠲᠦᠪ ᠪᠠ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠯᠳᠠ ᠶᠢ ᠪᠡᠶᠡᠯᠡᠬᠦᠯᠦᠭᠰᠡᠨ ᠨᠤᠷᠮ᠎ᠠ ᠲᠤᠰ ᠪᠦᠷᠢ 90% ᠪᠠ 85% ᠳᠤ ᠬᠦᠷᠪᠡ︔ ᠤᠷᠤᠨ | ᠰᠠᠭᠤᠴᠠ ᠶᠢᠨ ᠪᠠᠶᠢᠭᠤᠯᠤᠯᠳᠠ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠤ ᠬᠦᠷᠢᠶ᠎ᠡ ᠴᠠᠷᠠᠭ᠎ᠠ ᠶᠢᠨ ᠬᠠᠤᠯᠢ ᠠᠴᠠ ᠵᠦᠷᠢᠴᠡᠭᠰᠡᠨ ᠠᠰᠠᠭᠤᠳᠠᠯ ᠤᠨ | ᠴᠡᠭᠴᠡᠯᠡᠨ ᠰᠠᠶᠢᠵᠢᠷᠠᠭᠤᠯᠤᠯᠳᠠ ᠶᠢ ᠪᠡᠶᠡᠯᠡᠭᠦᠯᠦᠭᠰᠡᠨ ᠨᠤᠷᠮ᠎ᠠ 99.6% ᠳᠤ ᠬᠦᠷᠪᠡ᠃ ᠪᠢᠯᠢᠶᠡ ᠠᠭᠤᠷᠬᠠᠢ ᠶᠢᠨ ᠦᠯᠡᠳᠡᠭᠳᠡᠯ ᠬᠦᠳᠡᠷ ᠤᠨ ᠬᠦᠮᠦᠷᠭᠡ ᠶᠢᠨ | ᠡᠭᠦᠰᠦᠮᠡᠯ ᠤᠷᠴᠢᠨ ᠲᠤᠭᠤᠷᠢᠨ ᠤ ᠪᠤᠬᠢᠷᠳᠤᠯ ᠤᠨ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠭᠡᠳ᠂ ᠤᠯᠤᠰ ᠤᠨ ᠬᠠᠮᠢᠶ᠎ᠠ ᠪᠦᠬᠦᠢ ᠶᠠᠮᠤᠨ ᠬᠤᠷᠢᠶ᠎ᠠ ᠪᠤᠯᠤᠨ | ᠲᠤᠰᠬᠠᠢ ᠪᠠᠶᠢᠭᠤᠯᠤᠮᠵᠢ ᠶᠢᠨ ᠦᠨᠳᠦᠷ ᠨᠤᠲᠠᠯᠠᠯ ᠢ ᠤᠯᠪᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 73.52% ᠶᠢ ᠡᠵᠡᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠬᠡᠪᠴᠢᠶ᠎ᠡ ᠶᠢ ᠦᠷᠭᠡᠳᠭᠡᠪᠡ᠃ᠬᠤᠲᠠ ᠪᠠᠯᠭᠠᠰᠤᠨ ᠤ 1.05 ᠲᠦᠮᠡᠨ ᠬᠥᠮᠦᠨ ᠤ ᠠᠵᠢᠯ ᠤᠯᠭᠤᠯᠲᠠ ᠰᠢᠨ᠎ᠡ ᠪᠠᠷ ᠨᠡᠮᠡᠭᠳᠡᠵᠦ᠂ ᠦᠨᠳᠦᠰᠦᠨ ᠨᠠᠰᠤᠵᠢᠯ ᠤᠨ | ᠳᠠᠭᠠᠳᠬᠠᠯ ᠳᠤ ᠤᠷᠤᠯᠴᠠᠭᠰᠠᠳ 1.73 ᠲᠦᠮᠡᠨ ᠬᠦᠮᠦᠨ ᠰᠢᠨ᠎ᠡ ᠪᠠᠷ ᠨᠡᠮᠡᠭᠳᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠲᠣᠰ ᠲᠣᠰ ᠬᠥᠮᠦᠨ ᠪᠦᠷᠢ ᠰᠠᠷ᠎ᠠ ᠳᠤ 814 ᠲᠥᠭᠦᠷᠢᠭ ᠪᠠ 694 ᠲᠥᠭᠦᠷᠢᠭ ᠲᠤ ᠬᠦᠷᠴᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠪᠠ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ ᠶᠢ 8.68 ᠳ᠋ᠦᠩᠰᠢᠭᠤᠷ ᠲᠥᠭᠦᠷᠢᠭ | ᠲᠠᠷᠬᠠᠭᠠᠵᠤ᠂ ᠣᠯᠠᠨ ᠲᠦᠮᠡᠨ ᠳᠤ 12.4 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠰᠤᠷᠭᠠᠨ ᠬᠥᠮᠦᠵᠢᠯ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠪᠡ᠃ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 3 ᠰᠢᠨ᠎ᠡ ᠪᠠᠷ ᠪᠠᠶᠢᠭᠤᠯᠤᠨ ᠥᠷᠭᠡᠳᠬᠡᠨ ᠰᠢᠨᠡᠳᠭᠡᠵᠦ᠂ ᠰᠢᠨ᠎ᠡ ᠪᠠᠷᠭᠤ ᠪᠠᠷᠠᠭᠤᠨ ᠬᠤᠰᠢᠭᠤ ︽ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠰᠢᠶᠠᠨ︾ ᠤ ᠦᠨᠡᠯᠡᠨ ᠵᠢᠱᠢᠯᠲᠡ ᠶᠢ ᠦᠩᠭᠡᠷᠡᠭᠡᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠪᠦᠯᠦᠭᠯᠡᠯᠵᠢᠭᠰᠡᠨ ᠪᠦᠷᠬᠦᠯᠲᠡ ᠶᠢᠨ ᠨᠣᠷᠮ᠎ᠠ 51.4% ᠳᠤ ᠬᠥᠷᠪᠡ᠃ ᠮᠥᠰᠥ ᠴᠠᠰᠤᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠵᠢᠭᠠᠨ ᠰᠤᠷᠭᠠᠯᠲᠠ ᠬᠠᠮᠲᠤᠷᠠᠭᠰᠠᠨ ᠴᠣᠭᠴᠠ ᠶᠢ ᠪᠠᠶᠢᠭᠤᠯᠵᠤ᠂ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠤ ᠣᠨᠴᠠᠯᠢᠭᠲᠤ ᠰᠤᠷᠭᠠᠭᠤᠯᠢ ᠶᠢ 12 ᠪᠠᠶᠢᠭᠤᠯᠵᠤ᠂ ᠪᠦᠢᠺᠦ ᠪᠥᠮᠪᠦᠭᠡ ᠶᠢᠨ ᠲᠠᠮᠢᠷ ᠤᠨ ᠣᠨᠴᠠᠯᠢᠭᠲᠤ ᠰᠤᠷᠭᠠᠭᠤᠯᠢ ᠶᠢ 12 | ᠪᠠᠶᠢᠭᠤᠯᠪᠠ᠃ 2 ᠬᠠᠮᠲᠤ ᠨᠡᠶᠢᠲᠡ ︽ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ︾ ᠶᠢᠨ ᠴᠤᠯᠠ ᠭᠥᠷᠳᠡᠪᠡ᠃ ᠡᠮ | ᠡᠮᠨᠡᠯᠭᠡ ᠶᠢᠨ ᠦᠢᠯᠡᠴᠢᠯᠡᠭᠡ ᠨᠡᠩ ᠲᠡᠭᠦᠯᠳᠡᠷᠵᠢᠪᠡ᠃ ᠡᠮ ᠡᠮᠨᠡᠯᠭᠡ ᠶᠢᠨ ᠥᠭᠡᠷᠡᠴᠢᠯᠡᠯᠲᠡ ᠶᠢᠨ ᠳᠥᠷᠪᠡᠨ ᠵᠦᠢᠯ ᠤᠨ ᠪᠣᠭᠤᠮᠲᠠ ᠰᠢᠪᠲᠤᠯᠬᠤ ᠠᠵᠢᠯᠯᠠᠭᠠᠨ ᠢ | ᠯᠠᠪᠳᠠᠭᠤᠨ ᠢᠶᠠᠷ ᠶᠠᠪᠤᠭᠳᠠᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠴᠣᠭᠴᠠ ᠶᠢ 10᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 20 | ᠪᠠᠶᠢᠭᠤᠯᠵᠤ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠮᠠᠨᠵᠤᠤᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠡᠭᠡᠵᠢᠩ | ᠥᠪᠥᠷ ᠮᠣᠩᠭᠤᠯ ᠤᠨ ᠡᠮᠴᠢᠯᠡᠭᠡᠨ ᠤ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠳᠤ ᠣᠷᠣᠭᠤᠯᠵᠤ᠂ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠨᠢ ᠥᠪᠡᠷᠲᠡᠭᠡᠨ | ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢᠶᠠᠷ | ᠵᠥᠪᠰᠢᠶᠡᠷᠡᠭᠳᠡᠪᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭᠠᠨ ᠢ | ᠯᠠᠪᠳᠠᠭᠤᠨ ᠢᠶᠠᠷ ᠥᠷᠨᠢᠭᠦᠯᠵᠦ᠂ ᠬᠠᠤᠯᠢ ᠲᠣᠭᠲᠠᠭᠠᠯ ᠢ ᠵᠥᠷᠢᠴᠡᠭᠰᠡᠨ ᠰᠠᠭᠤᠷᠢ ᠮᠦᠩᠭᠦ ᠶᠢ 3955 ᠲᠦᠮᠡᠨ ᠲᠥᠭᠦᠷᠢᠭ ᠨᠡᠬᠡᠮᠵᠢᠯᠡᠨ ᠠᠪᠴᠢᠷᠠᠵᠤ᠂ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠤᠨ ᠴᠡᠭ ᠲᠣᠭᠲᠠᠭᠠᠭᠰᠠᠨ ᠪᠠᠶᠢᠭᠤᠯᠤᠮᠵᠢ ᠶᠢ 557 ᠡᠷᠦᠬᠡ ᠲᠦᠷ ᠵᠣᠭᠰᠣᠭᠠᠭᠰᠠᠨ ᠪᠠ ᠬᠦᠴᠦᠨ | ᠥᠬᠡᠶ ᠪᠣᠯᠭᠠᠪᠠ᠃ ᠰᠠᠨ ᠮᠢᠩ ᠬᠤᠳᠠᠯᠳᠤᠨ ᠠᠪᠬᠤ ᠬᠤᠯᠪᠣᠭ᠎ᠠ ᠶᠢᠨ ᠬᠥᠯᠥᠨ ᠪᠤᠶᠢᠷ ᠲᠤᠰᠬᠠᠶ ᠪᠤᠯᠤᠩ ᠵᠢᠩᠬᠢᠨᠢ ᠪᠠᠷ ᠨᠡᠪᠲᠡᠷᠡᠵᠦ᠂ ᠲᠦᠷᠦᠭᠦᠦ ᠪᠦᠯᠦᠭ ᠤᠨ | ᠳᠠᠭᠠᠵᠤ ᠬᠤᠳᠠᠯᠳᠤᠨ ᠠᠪᠬᠤ ᠪᠠᠯᠠ ᠮᠥᠩᠭᠦ ᠶᠢ 4400 ᠲᠦᠮᠡᠨ ᠲᠥᠭᠦᠷᠢᠭ ᠠᠷᠪᠢᠯᠠᠪᠠ᠃ ᠰᠣᠶᠣᠯ ᠤᠨ ᠠᠵᠢᠯ ᠦᠢᠯᠡᠰ ᠴᠡᠴᠡᠭᠯᠡᠨ ᠬᠥᠭᠵᠢᠪᠡ᠃ ︽ᠠᠪᠤ · | ᠶᠡᠭᠡ ᠬᠢᠩᠭᠠᠨ︾ ︽ᠴᠠᠰᠤ ᠰᠢᠭᠤᠷᠭᠠᠲᠤ ᠥᠷ ᠤᠨ ᠭᠡᠭᠡ︾ ᠵᠡᠷᠭᠡ ᠤᠷᠠᠯᠢᠭ ᠤᠨ ᠪᠦᠲᠦᠭᠡᠯ ᠢ 110 ᠰᠢᠨ᠎ᠡ ᠪᠠᠷ ᠡᠭᠦᠳᠴᠦ᠂ 1137 ᠲᠠᠯᠠᠪᠤᠷ | ᠤᠯᠠᠭᠠᠨᠮᠥ᠋ᠴᠢᠷ ᠤᠨ ᠲᠣᠭᠯᠠᠯᠲᠠ ᠭᠠᠷᠭᠠᠵᠤ᠂ ᠮᠠᠯᠴᠢᠨ ᠲᠠᠷᠢᠶᠠᠴᠢᠨ ᠳᠤ 186 ᠲᠦᠮᠡᠨ ᠬᠥᠮᠦᠨ ᠤᠳᠠᠭ᠎ᠠ ᠠᠰᠢᠭ ᠬᠦᠷᠲᠡᠭᠡᠵᠦ᠂ ᠤᠳᠬ᠎ᠠ ᠤᠷᠠᠯᠢᠭ ᠤᠨ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠦᠵᠡᠭᠰᠡᠳ 300 ᠲᠦᠮᠡᠨ ᠬᠥᠮᠦᠨ ᠤᠳᠠᠭ᠎ᠠ ᠶᠢ ᠳᠠᠪᠠᠪᠠ᠃ ᠦᠨᠳᠦᠰᠦᠲᠡᠨ ᠤ ᠪᠦᠯᠬᠦᠮᠳᠡᠯ ᠭᠦᠨᠵᠡᠭᠡᠶᠢᠷᠡᠨ | ᠪᠠᠬᠢᠵᠢᠪᠡ᠃ ᠲᠦᠸᠧᠪᠠ ᠰᠢᠶᠠᠨᠪᠧᠢ ᠡᠮᠦᠨᠡᠰᠢ ᠨᠡᠭᠦᠳᠡᠯᠯᠡᠭᠰᠡᠨ ︽ᠠᠭᠤᠰᠤᠯᠴᠠᠯ ᠤᠨ ᠵᠠᠮ︾ ᠤᠨ ᠰᠣᠳᠣᠨ ᠱᠤᠭᠤᠮ ᠨᠢ ᠪᠥᠬᠦ ᠤᠯᠤᠰ ᠤᠨ ᠵᠢᠭᠤᠯᠴᠢᠯᠠᠯ ᠤᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠵᠢᠭᠰᠠᠭᠠᠭᠳᠠᠵᠤ᠂ ᠬᠥᠯᠥᠨ | ᠪᠤᠶᠢᠷ ᠮᠦᠽᠧᠶ ᠪᠠ ᠬᠠᠭᠤᠴᠢᠨ ᠪᠠᠷᠭᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠦᠨᠡᠯᠡᠭᠳᠡᠵᠦ᠂ 2 ᠬᠠᠮᠲᠤ ᠨᠡᠶᠢᠲᠡ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠠᠮᠲᠤ ᠨᠡᠶᠢᠲᠡ︾ ᠶᠢᠨ ᠴᠤᠯᠠ ᠬᠦᠷᠲᠡᠪᠡ᠃ | ︵ᠨᠠᠢᠮᠠ︶ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠭᠲᠠᠭᠤᠨᠵᠢᠪᠠ᠃ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠪᠠ᠃ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ | ᠦᠢᠯᠡᠴᠢᠯᠡᠭᠡᠨ ᠤ ᠴᠣᠩᠬᠤᠪᠴᠢ ᠶᠢᠨ ᠰᠢᠢᠳᠪᠦᠷᠢᠯᠡᠬᠦ ᠨᠣᠷᠮ᠎ᠠ 94.6% ᠳᠤ ᠬᠦᠷᠴᠦ᠂ 700 ᠭᠠᠷᠤᠶ ᠵᠠᠬᠢᠳᠠᠯ ᠰᠤᠷᠪᠤᠯᠵᠢᠯᠠᠯ ᠤᠨ ᠬᠡᠷᠡᠭ ᠶᠠᠪᠤᠳᠠᠯ ᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ ᠪᠤᠶᠤ ᠳᠣᠷᠣᠭᠰᠢ ᠪᠠᠭᠤᠵᠤ ᠰᠢᠢᠳᠪᠦᠷᠢᠯᠡᠪᠡ᠃ ᠤᠮᠠᠷᠠᠲᠤ ᠬᠢᠯᠢ ᠶᠢᠨ ᠤᠯᠠᠨ ᠤᠯᠤᠰ ᠤᠨ ᠬᠠᠤᠯᠢ ᠶᠢᠨ ᠶᠠᠪᠤᠳᠠᠯ ᠤᠨ | ᠣᠷᠣᠨ ᠢ ᠠᠮᠵᠢᠯᠲᠠᠲᠠᠢ ᠪᠠᠷ ᠡᠭᠦᠳᠦᠨ ᠪᠠᠶᠢᠭᠤᠯᠪᠠ᠃ ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠤᠨ ︽ᠬᠤᠤᠰ ᠨᠡᠮᠡᠭᠳᠡᠯ ᠬᠤᠤᠰ ᠪᠠᠭᠤᠷᠠᠯ︾ ᠢ | ᠦᠷᠬᠦᠯᠵᠢᠯᠡᠨ 47 ᠰᠠᠷ᠎ᠠ ᠪᠡᠶᠡᠯᠡᠭᠦᠯᠪᠡ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠪᠠ᠃ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ | ᠠᠳᠡᠯ ᠭᠠᠷᠤᠭᠰᠠᠨ ᠲᠤᠭ᠎ᠠ᠂ ᠠᠳᠡᠭᠰᠡᠨ ᠬᠥᠮᠦᠨ ᠤ ᠲᠤᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃ ᠪᠠᠶᠢᠩᠭᠤᠵᠢᠭᠰᠠᠨ ᠣᠨᠳᠣᠣ ᠭᠠᠵᠠᠷ ᠲᠤ | ᠰᠣᠯᠪᠢᠴᠠᠭᠤᠯᠤᠨ ᠪᠠᠶᠢᠴᠠᠭᠠᠬᠤ ᠪᠠ ︽ᠵᠢᠵᠢᠭ ᠲᠠᠯ᠎ᠠ︾ ᠠᠴᠠ ᠲᠤᠰᠬᠠᠢ ᠴᠡᠭᠴᠡᠯᠡᠨ ᠵᠠᠰᠠᠬᠤ ᠶᠢ ᠤᠨᠤᠴᠠᠲᠠᠢ ᠬᠡᠷᠡᠭᠵᠢᠭᠦᠯᠵᠦ᠂ ᠬᠦᠨᠳᠦ ᠶᠡᠭᠡ ᠠᠳᠡᠯ ᠤᠨ ᠳᠠᠯᠳᠠ | ᠭᠡᠮ ᠢ ᠨᠡᠶᠢᠲᠡ 157 ᠵᠦᠢᠯ ᠴᠡᠭᠴᠡᠯᠡᠨ ᠵᠠᠰᠠᠵᠤ᠂ ᠤᠤᠷ ᠠᠶᠤᠯᠭᠦᠢ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠶᠤᠯ ᠲᠦᠭᠰᠢᠭᠦᠷᠢ ᠶᠢᠨ | ᠰᠡᠷᠭᠡᠶᠢᠯᠡᠯᠲᠡ ᠳᠤᠪᠤᠶᠢᠮ᠎ᠠ ᠦᠷ᠎ᠡ ᠪᠦᠲᠦᠮᠵᠢ ᠤᠯᠪᠠ᠃ ᠵᠠᠯᠠᠶᠢᠨᠠᠭᠤᠷ ᠲᠣᠭᠤᠷᠢᠭ ᠤᠨ ᠳᠠᠯᠳᠠ ᠥᠭᠴᠡᠭᠡ ᠶᠢ ᠪᠦᠬᠦᠨ ᠢ ᠠᠷᠢᠯᠭᠠᠬᠤ ᠶᠢ ᠪᠡᠶᠡᠯᠡᠭᠦᠯᠪᠡ᠃ | ᠲᠠᠷᠢᠶᠠᠯᠠᠩ ᠤᠨ ᠢᠲᠡᠭᠡᠮᠵᠢ ᠶᠢᠨ ᠰᠢᠰᠲ᠋ᠧᠮ ᠤᠨ ᠰᠲ᠋ᠣᠺ ᠤᠨ ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠠᠭᠤᠰᠬᠠᠪᠠ᠃ ᠳᠤᠮᠳᠠ ᠵᠢᠵᠢᠭ ᠠᠵᠤ ᠠᠬᠤᠶᠢᠯᠠᠯ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠳᠠᠬᠢ 1.76 ᠳ᠋ᠦᠩᠰᠢᠭᠤᠷ ᠲᠥᠭᠦᠷᠢᠭ ᠤᠨ ᠦᠷᠢ ᠰᠢᠷᠢ ᠶᠢ ᠢᠯᠭᠠᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠲᠤᠭᠲᠠᠭᠠᠭᠰᠠᠨ ᠬᠥᠳᠡᠯᠦᠩᠭᠦᠶ ᠪᠠᠷ ᠠᠷᠢᠯᠭᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ |