2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 4
ᠨᠡᠶᠢᠲᠡᠯᠡᠭᠰᠡᠨ ᠴᠠᠭ᠄
2025/2/12
       ᠨᠢᠭᠡ ᠵᠢᠯ ᠤᠨ ᠲᠤᠷᠰᠢ᠂ ᠪᠢᠳᠡ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠡᠭᠡᠷ᠎ᠡ ᠰᠡᠳᠭᠢᠯ ᠲᠠᠯᠪᠢᠨ ᠬᠦᠴᠦ ᠭᠠᠷᠭᠠᠪᠠ᠃ ᠡᠳ᠋ ᠤᠨ ᠵᠠᠰᠠᠭ ᠤᠨ ᠪᠡᠯᠡ ᠮᠦᠩᠭᠦ ᠲᠦᠢᠯ ᠤᠨ ᠪᠠᠴᠢᠮ ᠪᠠᠶᠢᠳᠠᠯ ᠳᠣᠣᠷ᠎ᠠ᠂ ᠠᠷᠠᠳ ᠤᠨ ᠠᠮᠢᠳᠤᠷᠠᠯ ᠢ ᠦᠷᠭᠦᠯᠵᠢᠯᠡᠨ ᠬᠦᠴᠦᠯᠡᠨ ᠰᠠᠶᠢᠵᠢᠷᠠᠭᠤᠯᠵᠤ᠂ 40 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠭᠦᠢᠴᠡᠳᠭᠡᠵᠦ᠂ 17 ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ᠂ 30 ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠤᠷᠤᠭᠰᠢᠲᠠᠢ ᠪᠠᠷ ᠪᠠᠶᠢᠭᠤᠯᠤᠨ ᠪᠦᠲᠦᠭᠡᠵᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ 40 ᠨᠠᠰᠤᠵᠢᠯ ᠤᠨ ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠵᠦ᠂ ᠨᠢᠯᠬᠠᠰ ᠰᠠᠭᠠᠲᠠᠭᠤᠯᠬᠤ 2259 ᠤᠷᠤᠨ ᠲᠤᠭ᠎ᠠ᠂ ᠨᠠᠰᠤᠲᠠᠶᠢᠴᠤᠳ ᠲᠤ ᠲᠤᠰᠠᠯᠠᠬᠤ 150 ᠬᠤᠭᠤᠯᠠᠨ ᠭᠠᠵᠠᠷ᠂ 1109 ᠡᠷᠦᠬᠡ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠦᠲᠡᠭᠦᠰ ᠲᠤ ᠲᠤᠬᠢᠷᠠᠭᠤᠯᠤᠨ ᠦᠭᠡᠷᠡᠴᠢᠯᠡᠨ ᠵᠠᠰᠠᠵᠤ᠂ 754 ᠲᠡᠷᠭᠡᠨ ᠵᠣᠭᠰᠣᠭᠠᠯ᠂ ᠠᠷᠠᠳ ᠲᠤ ᠳᠥᠭᠦᠮ ᠦᠵᠡᠭᠦᠯᠬᠦ 758 ᠴᠠᠬᠢᠯᠭᠠᠨ ᠴᠡᠨᠡᠭᠯᠡᠬᠦ ᠫᠤᠤ ᠵᠡᠷᠭᠡ ᠨᠢᠭᠡ ᠪᠦᠯᠦᠭ ᠰᠠᠶᠢᠨ ᠶᠠᠪᠤᠳᠠᠯ ᠪᠤᠳᠠᠳᠤ ᠶᠠᠪᠤᠳᠠᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢᠯᠡᠳᠲᠡ ᠳᠡᠭᠡᠭᠰᠢᠯᠡᠪᠡ᠃        ᠨᠢᠭᠡ ᠵᠢᠯ ᠤᠨ ᠲᠤᠷᠰᠢ᠂ ᠪᠢᠳᠡ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠰᠢᠭᠲᠠᠢ ᠪᠠᠶᠢᠳᠠᠯ ᠢ ᠠᠮᠵᠢᠨ᠂ ᠴᠢᠬᠤᠯᠠ ᠶᠡᠭᠡ ᠠᠵᠢᠯᠯᠠᠭ᠎ᠠ ᠳᠤ ᠭᠢᠯᠠᠯᠵᠠᠮ᠎ᠠ ᠰᠢᠨ᠎ᠡ ᠠᠮᠵᠢᠯᠲᠠ ᠤᠯᠪᠠ᠃ ᠪᠥᠬᠦ ᠬᠤᠲᠠ ᠶᠢᠨ ᠬᠦᠴᠦᠨ ᠢ ᠳᠠᠶᠢᠴᠢᠯᠠᠨ᠂ ᠯᠤᠲᠤ ᠶᠡᠭᠡ ᠴᠢᠷᠮᠠᠶᠢᠯᠭ᠎ᠠ ᠭᠠᠷᠭᠠᠵᠤ᠂ ︽ᠠᠷᠪᠠᠨ ᠳᠥᠷᠪᠡᠳᠦᠭᠡᠷ ᠡᠪᠦᠯ︾ ᠤᠨ ᠪᠡᠯᠡᠳᠭᠡᠨ ᠡᠷᠬᠢᠯᠡᠬᠦ ᠡᠭᠦᠷᠭᠡ ᠶᠢ ᠦᠨᠳᠦᠷ ᠲᠦᠪᠰᠢᠨ ᠢᠶᠠᠷ ᠪᠡᠶᠡᠯᠡᠭᠦᠯᠵᠦ᠂ ᠪᠥᠬᠦ ᠤᠯᠤᠰ ᠤᠨ ᠠᠷᠠᠳ ᠲᠦᠮᠡᠨ ᠳᠤ ᠨᠢᠭᠡ ᠤᠳᠠᠭᠠᠨ ᠤ ᠦᠪᠡᠷᠮᠢᠴᠡ ᠭᠤᠶᠢᠲᠠ᠂ ᠮᠠᠷᠲᠠᠭᠳᠠᠰᠢ ᠥᠬᠡᠶ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠰᠣᠨᠢᠷᠬᠠᠭᠤᠯᠪᠠ᠃ 2024 ᠣᠨ ᠤ ᠡᠷᠡᠭᠲᠡᠶ ᠶᠢᠨ ᠪᠤᠶᠢᠺᠤ ᠪᠥᠮᠪᠦᠭᠡ ᠶᠢᠨ ᠠᠽᠢᠶ᠎ᠠ ᠲᠢᠪ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠪᠠ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠢ ᠤᠷᠤᠭᠰᠢᠲᠠᠶ ᠳᠠᠭᠠᠭᠠᠨ ᠡᠷᠭᠢᠯᠡᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠬᠤᠲᠠ ᠶᠢᠨ ᠬᠡᠭᠡᠷᠡᠯᠡᠨ ᠴᠠᠨᠠᠯᠠᠬᠤ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠤᠭᠠᠳ᠂ 80 ᠭᠠᠷᠤᠶ ᠲᠠᠯᠠᠪᠤᠷ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠬᠥᠯᠥᠨ ᠪᠤᠶᠢᠷ ᠨᠢᠭᠡ ᠵᠢᠯ ᠤᠨ ᠳᠣᠲᠣᠷ᠎ᠠ ᠤᠯᠤᠰ ᠤᠨ ᠲᠠᠰ ᠤᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠤᠶᠠᠷ ᠤᠳᠠᠭ᠎ᠠ ᠳᠠᠭᠠᠭᠠᠨ ᠡᠷᠬᠢᠯᠡᠭᠰᠡᠨ ᠪᠦᠬᠦ ᠤᠯᠤᠰ ᠤᠨ ᠠᠩᠬᠠᠳᠠᠭᠴᠢ ᠬᠤᠲᠠ ᠪᠤᠯᠪᠠ᠂ ᠡᠨᠡ ᠨᠢ ᠪᠢᠳᠡᠨ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢᠶᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠴᠢᠬᠤᠯᠠ ᠶᠡᠭᠡ ᠠᠵᠠ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ᠂ 216 ᠲᠦᠮᠡᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠢᠵᠠᠭᠠᠯᠠᠰᠢ ᠦᠭᠡᠢ ᠢᠷᠠᠭᠤ ᠠᠯᠳᠠᠷ ᠤᠯᠭᠤᠵᠤ᠂ ᠪᠥᠬᠦ ᠬᠤᠲᠠ ᠳᠠᠶᠠᠭᠠᠷ ᠤᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠪᠠᠶᠢᠳᠠᠯ ᠢ ᠡᠭᠦᠳᠬᠦ ᠪᠠᠲᠤ ᠢᠲᠡᠭᠡᠯ ᠢ ᠬᠥᠪᠴᠢᠯᠡᠭᠰᠡᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠰᠤᠷᠲᠠᠯ ᠢ ᠬᠤᠪᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠠᠯ᠎ᠠ ᠪᠠᠷ ᠦᠢᠯᠡᠳᠦᠯᠭᠡᠵᠢᠭᠦᠯᠵᠦ ᠦᠷ᠎ᠡ ᠪᠦᠲᠦᠮᠵᠢ ᠤᠯᠪᠠ᠃ ᠪᠠᠲᠤ ᠴᠢᠩᠭ᠎ᠠ ᠤᠯᠤᠰ ᠲᠥᠷᠦ ᠶᠢᠨ ᠡᠭᠦᠷᠭᠡᠯᠡᠯ ᠢ ᠢᠮᠠᠭᠲᠠ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ ᠪᠤᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠢ ᠪᠠᠶᠢᠩᠭᠤ ᠪᠦᠲᠦᠮᠵᠢᠲᠡᠢ ᠪᠠᠷ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠪᠦᠬᠦ ᠤᠷᠤᠨ ᠳᠤ 12345 ᠬᠠᠯᠠᠮᠰᠢᠯ ᠤᠳᠠᠰᠤ ᠪᠤᠯᠬᠤ   ︽ᠬᠤᠶᠠᠷ ᠲᠦᠯᠦᠭᠡᠯᠡᠭᠴᠢ ᠨᠢᠭᠡ ᠭᠡᠰᠢᠬᠦᠨ︾ ᠤ ᠲᠤᠰᠢᠶᠠᠯ ᠭᠦᠢᠴᠡᠳᠬᠡᠬᠦ ᠨᠡᠪᠲᠡᠷᠡᠯ ᠵᠠᠮ ᠢ ᠲᠦᠷᠦᠭᠦᠯᠡᠨ ᠨᠡᠪᠳᠡᠷᠡᠬᠦᠯᠵᠦ᠂ 221 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ᠂ 235 ᠬᠤᠪᠢ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠭᠦᠢᠴᠡᠳᠭᠡᠵᠦ ᠳᠠᠭᠤᠰᠬᠠᠪᠠ᠃ ᠢᠯᠠᠩᠭᠤᠶ᠎ᠠ ᠬᠤᠲᠠ ᠶᠢᠨ ᠨᠠᠮ ᠤᠨ ᠬᠤᠷᠢᠶᠠᠨ ᠤ ᠤᠳᠤᠷᠢᠳᠤᠮᠵᠢ ᠳᠣᠣᠷ᠎ᠠ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠰᠠᠶᠢᠵᠢᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠨᠡᠶᠢᠭᠡᠮ ᠤᠨ ᠵᠠᠰᠠᠯᠲᠠ ᠶᠢᠨ ᠰᠡᠳᠬᠢᠮᠵᠢ ᠨᠠᠩ ᠲᠣᠳᠣᠷᠬᠠᠢ ᠪᠤᠯᠵᠤ᠂ ᠠᠵᠢᠯ ᠢᠶᠠᠨ ᠲᠥᠰᠦᠪᠯᠡᠬᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠨᠠᠩ ᠥᠨᠳᠥᠷ ᠪᠦᠲᠦᠮᠵᠢᠲᠡᠢ ᠪᠤᠯᠵᠤ᠂ ᠪᠦᠬᠦ ᠬᠤᠲᠠ ᠳᠠᠶᠠᠭᠠᠷ ᠢᠶᠠᠨ ᠪᠣᠳᠠᠲᠠᠢ ᠶᠢ ᠡᠷᠬᠢᠮᠯᠡᠨ᠂ ᠬᠥᠭᠵᠢᠯᠲᠡ ᠶᠢ ᠲᠦᠷᠭᠡᠳᠬᠡᠬᠦ ᠠᠵᠢᠯ ᠦᠢᠯᠡᠰ ᠪᠦᠲᠦᠭᠡᠬᠦ ᠠᠭᠤᠷ ᠠᠮᠢᠰᠬᠤᠯ ᠨᠠᠩ ᠭᠦᠨ ᠵᠤᠵᠠᠭᠠᠨ ᠪᠤᠯᠪᠠ᠃       ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠳᠠᠷᠤᠯᠲᠠ ᠠᠴᠠ ᠰᠦᠷᠳᠡᠬᠦ ᠥᠬᠡᠶ᠂ ᠡᠳᠦᠷ ᠢᠶᠠᠷ ᠬᠡᠮᠵᠢᠵᠦ᠂ ᠤᠳᠠᠭᠠᠨ ᠳᠠᠭᠠᠮᠠᠭᠠᠢ ᠪᠠᠷ ᠵᠢᠳᠬᠦᠨ ᠴᠢᠷᠮᠠᠶᠢᠵᠤ᠂ ᠠᠮᠵᠢᠯᠲᠠ ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠬᠦᠲᠦᠯᠦᠨ ᠵᠢᠯᠤᠭᠤᠳᠤᠭᠰᠠᠨ ᠤ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠶᠢᠨ ᠬᠦᠴᠢᠷ ᠢ ᠲᠤᠭᠤᠯᠤᠨ᠂ ᠰᠢᠨ᠎ᠡ ᠶᠢ ᠡᠭᠦᠳᠴᠦ ᠰᠢᠪᠲᠤᠯᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠬᠥᠯᠥᠨ ᠪᠤᠶᠢᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠳ᠋ᠦᠩᠨᠡᠬᠦ ᠶᠢᠨ ᠳᠠᠭᠠᠤ ᠳᠤ᠂ ᠪᠢᠳᠡ ᠪᠠᠰᠠ᠄ ᠠᠵᠤ ᠦᠢᠯᠡᠰ ᠤᠨ ᠪᠦᠲᠦᠴᠡ ᠬᠠᠷᠠᠬᠠᠨ ᠰᠢᠯᠢᠳᠡᠭᠵᠢᠭᠡᠳᠦᠢ᠂ ᠬᠢᠯᠢ ᠶᠢᠨ ᠪᠣᠭᠤᠮᠲᠠ ᠶᠢᠨ ᠵᠠᠬ᠎ᠠ ᠭᠠᠵᠠᠷ ᠪᠠ ᠳᠤᠲᠤᠷ ᠭᠠᠵᠠᠷ ᠤᠨ ᠬᠠᠷᠢᠯᠴᠠᠨ ᠦᠢᠯᠡᠳᠦᠯᠴᠡᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠭᠦᠢᠴᠡᠳ ᠪᠠᠳᠠᠷᠠᠭᠤᠯᠤᠭᠳᠠᠭ᠎ᠠ ᠦᠭᠡᠢ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠤᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠤᠪᠤᠶᠢᠮ᠎ᠠ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠠᠩᠭᠠᠯᠭ᠎ᠠ ᠮᠥᠨ ᠯᠡ ᠲᠡᠩᠴᠡᠭᠦᠷᠢᠲᠡᠢ ᠪᠤᠰᠤ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠦᠷᠢᠶ᠎ᠡ ᠲᠠᠢ ᠪᠠᠶᠢᠭᠰᠠᠭᠠᠷ︔ ᠵᠠᠰᠠᠭ ᠤᠨ ᠣᠷᠳᠣᠨ ᠤ ᠰᠢᠰᠲ᠋ᠧᠮ ᠤᠨ ᠨᠢᠭᠡ ᠪᠦᠯᠦᠭ ᠺᠠᠳ᠋ᠷᠴᠤᠳ ᠤᠨ ᠭᠠᠪᠰᠢᠭᠠᠶᠢᠯᠠᠨ ᠠᠵᠢᠯᠯᠠᠬᠤ ᠡᠷᠴᠢ ᠵᠤᠷᠢᠭ ᠲᠤᠲᠠᠮᠠᠭ᠂ ᠬᠠᠷᠢᠭᠤᠴᠠᠯᠭ᠎ᠠ ᠡᠭᠦᠷᠭᠡᠯᠡᠯ ᠬᠦᠷᠦᠯᠴᠡᠬᠦ ᠦᠭᠡᠢ᠂ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠬᠡᠯᠪᠡᠷᠢᠴᠢ ᠦᠵᠡᠯ᠂ ᠨᠤᠶᠠᠨᠴᠢ ᠰᠤᠷᠲᠠᠯ ᠤᠨ ᠠᠰᠠᠭᠤᠳᠠᠯ ᠣᠷᠣᠰᠢᠵᠤ᠂ ᠲᠡᠷᠡᠴᠢᠯᠡᠨ ︽ᠬᠤᠶᠢᠷᠭᠤᠰᠢᠬᠤ︾ ᠪᠠᠶᠢᠳᠠᠯ ᠭᠠᠷᠴᠤ ᠪᠠᠶᠢᠬᠤ ᠵᠡᠷᠭᠡ ᠶᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃ ᠡᠭᠦᠨ ᠳᠤ᠂ ᠪᠢᠳᠠ ᠠᠰᠠᠭᠤᠳᠠᠯ ᠳᠤ ᠰᠢᠭᠤᠳ ᠬᠠᠨᠳᠤᠵᠤ᠂ ᠪᠣᠳᠠᠲᠠᠢ ᠴᠢᠩᠭ᠎ᠠ ᠠᠷᠭ᠎ᠠ ᠬᠡᠮᠵᠢᠶ᠎ᠡ ᠠᠪᠴᠤ᠂ ᠵᠤᠷᠪᠤᠰ ᠳᠠᠷᠠᠭᠠᠯᠠᠨ ᠰᠢᠢᠳᠪᠦᠷᠢᠯᠡᠬᠦ ᠴᠢᠬᠤᠯᠠᠲᠠᠢ᠃        ᠬᠤᠶᠠᠷ᠂ 2025 ᠣᠨ ᠤ ᠭᠤᠣᠯ ᠠᠵᠢᠯ       2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠤᠯᠤᠨ᠎ᠠ᠂ ᠮᠥᠨ ᠴᠦ ᠥᠭᠡᠷᠡᠴᠢᠯᠡᠯᠲᠡ ᠶᠢᠨ ᠬᠦᠴᠢᠷ ᠢ ᠲᠤᠭᠤᠯᠤᠨ᠂ ᠰᠢᠨ᠎ᠡ ᠶᠢ ᠡᠭᠦᠳᠴᠦ ᠰᠢᠪᠲᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠬᠤᠲᠠ ᠶᠢᠨ ᠨᠠᠮ ᠤᠨ ᠬᠤᠷᠢᠶᠠᠨ ᠤ  ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠦᠭᠵᠢᠯᠲᠡ ᠪᠤᠯᠤᠨ ᠦᠨᠳᠦᠷ ᠲᠦᠪᠰᠢᠨᠲᠦ ᠬᠠᠮᠠᠭᠠᠯᠠᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠵᠦ᠂ ᠨᠢᠭᠡ ᠭᠤᠤᠯ ᠱᠤᠭᠤᠮ ᠢ ᠬᠤᠯᠪᠤᠯᠳᠤᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠵᠦ᠂     ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭᠠᠨ︾ ᠢ ᠪᠤᠳᠠᠲᠠᠢ ᠠᠳᠬᠤᠵᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠤᠯᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠨ᠂ ᠳᠤᠮᠳᠠ ᠡᠩᠨᠡᠭᠡ ᠳᠤ ᠤᠷᠤᠬᠤ︾ ᠳᠤ ᠬᠥᠯᠥᠨ ᠪᠤᠶᠢᠷ ᠤᠨ ᠬᠤᠪᠢ ᠨᠡᠮᠡᠷᠢ ᠪᠠᠨ ᠦᠵᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ