2025 ᠣᠨ ᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 5.5% ᠤᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠤᠷᠴᠢᠮ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4.5% ᠤᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 6% ᠤᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠵᠡᠷᠭᠡᠴᠡᠭᠦᠯᠦᠨ᠎ᠡ︔ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠪᠦᠬᠦ | ᠲᠠᠯ᠎ᠠ ᠪᠠᠷ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | ︵ᠨᠢᠭᠡ︶ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠵᠤ᠂ ᠨᠢᠭᠡᠳᠦᠯᠲᠡᠢ ᠲᠦᠯᠦᠪᠯᠡᠨ ᠬᠦᠴᠦᠯᠡᠬᠦ ᠳᠤᠮᠳᠠ ᠬᠦᠳᠡᠯᠭᠡᠭᠴᠢ | ᠡᠨᠧᠷᠭᠢ ᠶᠢ ᠬᠤᠷᠠᠮᠳᠤᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠰᠡᠲᠦᠨ ᠭᠠᠷᠭᠠᠵᠤ᠂ ᠪᠠᠯᠠ ᠣᠷᠣᠭᠤᠯᠤᠯᠲᠠ ᠶᠢ ᠥᠷᠭᠡᠳᠬᠡᠨ᠂ ᠤᠷᠴᠢᠨ | ᠨᠦᠬᠦᠴᠡᠯ ᠢ ᠰᠢᠯᠢᠳᠡᠭᠵᠢᠭᠦᠯᠵᠦ᠂ ᠬᠡᠷᠡᠭᠯᠡᠭᠡ ᠶᠢ ᠠᠬᠢᠭᠤᠯᠤᠨ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠪᠠ ᠬᠡᠷᠡᠭᠯᠡᠭᠡ ᠶᠢᠨ ᠳᠠᠯᠳᠠ ᠬᠦᠴᠦᠨ ᠢ | ᠬᠥᠭᠵᠢᠭᠡᠬᠦ ᠶᠢ ᠬᠠᠮᠵᠢᠯᠴᠠᠭᠤᠯᠤᠨ ᠪᠥᠬᠦ ᠬᠦᠴᠦᠨ ᠢᠶᠠᠷ ᠠᠬᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠪᠤᠳᠠᠲᠠᠶᠢᠵᠢᠭᠤᠯᠤᠯᠲᠠ ᠶᠢ ᠬᠦᠴᠦᠲᠡᠢ ᠠᠬᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ 27 ᠵᠦᠢᠯ ᠤᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠮᠥᠷᠳᠡᠨ ᠪᠤᠳᠠᠲᠠᠶᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠤᠮᠠᠷᠠᠰᠢ ᠨᠡᠭᠡᠭᠡᠯᠲᠡ ᠬᠢᠬᠦ ᠵᠡᠷᠭᠡ ᠲᠥᠷᠥ ᠶᠢᠨ | ᠪᠣᠳᠣᠯᠭ᠎ᠠ ᠶᠢ ᠭᠦᠢᠴᠡᠳ ᠠᠰᠢᠭᠯᠠᠵᠤ᠂ ᠬᠡᠳᠦ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ᠂ ᠲᠤᠰᠬᠠᠶ ᠵᠢᠭᠡᠯᠡᠯᠭᠡ ᠶᠢᠨ ᠲᠡᠮᠳᠡᠭᠲᠦ ᠵᠡᠷᠭᠡ ᠴᠤᠩᠬᠤᠪᠴᠢ | ᠬᠤᠭᠤᠴᠠᠭ᠎ᠠ ᠶᠢ ᠠᠮᠵᠢᠨ ᠠᠳᠬᠤᠵᠤ᠂ ᠵᠠᠰᠠᠭ ᠤᠨ ᠣᠷᠳᠣᠨ ᠤ ᠡᠯ᠎ᠡ ᠹᠷᠣᠨᠲ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ | ᠪᠦᠬᠦ ᠲᠠᠯ᠎ᠠ ᠪᠠᠷ ᠥᠷᠨᠢᠭᠦᠯᠵᠦ᠂ ᠲᠦᠷᠦ ᠶᠢᠨ ᠪᠤᠳᠤᠯᠭ᠎ᠠ ᠶᠢᠨ ᠨᠠᠷᠢᠨ ᠬᠠᠭᠤᠳᠠᠰᠤ ᠭᠠᠷᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠡᠯᠡ ᠮᠦᠩᠭᠦᠨ ᠤ | ᠵᠠᠷᠯᠠᠯ ᠢ ᠴᠢᠷᠮᠠᠶᠢᠨ ᠤᠯᠵᠤ᠂ ᠲᠦᠷᠦᠯ ᠵᠦᠢᠯ ᠤᠨ ᠬᠥᠮᠥᠷᠭᠡ ᠳᠤ ᠤᠷᠤᠭᠤᠯᠬᠤ ᠪᠠᠷ ᠴᠢᠷᠮᠠᠶᠢᠵᠤ᠂ ︽ᠪᠡᠭᠡᠵᠢᠩ ᠣᠷᠣᠵᠤ ᠤᠷᠤᠨ ᠳᠤ ᠬᠦᠷᠬᠦ︾ ᠬᠤᠷᠳᠤᠴᠠ ᠪᠠᠨ | ᠲᠦᠷᠭᠡᠳᠭᠡᠨ ᠦᠷ᠎ᠡ ᠳ᠋ᠦᠩ ᠭᠠᠷᠭᠠᠵᠤ᠂ ᠲᠥᠷᠥ ᠶᠢᠨ ᠪᠣᠳᠣᠯᠭ᠎ᠠ ᠶᠢᠨ ᠨᠦᠯᠦᠭᠡᠯᠡᠯ ᠢ ᠭᠦᠢᠴᠡᠳ ᠪᠠᠳᠠᠷᠠᠭᠤᠯᠤᠨ᠂ ᠬᠥᠭᠵᠢᠯᠲᠡ ᠶᠢᠨ ᠣᠷᠣᠨ ᠵᠠᠶ ᠶᠢ ᠴᠢᠷᠮᠠᠶᠢᠨ | ᠥᠷᠭᠡᠳᠬᠡᠨ᠎ᠡ᠃ | ᠴᠢᠬᠤᠯᠠ ᠶᠡᠭᠡ ᠲᠥᠷᠦᠯ ᠵᠦᠢᠯ ᠢ ᠲᠥᠰᠦᠪᠯᠡᠬᠦ ᠠᠵᠢᠯᠯᠠᠭᠠᠨ ᠢ ᠪᠦᠲᠦᠮᠵᠢᠲᠠᠢ ᠬᠡᠷᠡᠭᠵᠢᠭᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ ᠬᠤᠭᠤᠴᠠᠭ᠎ᠠ ᠶᠢ ᠠᠳᠬᠤᠵᠤ᠂ ᠤᠯᠤᠰ ᠤᠨ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ | ᠪᠤᠳᠤᠯᠭ᠎ᠠ ᠪᠠ ᠰᠤᠯᠠᠪᠲᠤᠷ ᠵᠣᠭᠤᠰᠣᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ | ᠵᠦᠢᠯ ᠢᠶᠠᠷ ᠬᠦᠲᠦᠯᠦᠨ ᠵᠢᠯᠤᠭᠤᠳᠤᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠪᠦᠬᠦ ᠬᠤᠲᠠ ᠶᠢᠨ ᠠᠵᠤ ᠦᠢᠯᠡᠰ ᠤᠨ | ᠬᠦᠭᠵᠢᠯᠲᠡ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠬᠦᠲᠦᠯᠦᠮᠵᠢ ᠳᠤ ᠨᠡᠶᠢᠴᠡᠬᠦ᠂ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠳᠤ ᠲᠤᠬᠢᠷᠠᠬᠤ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠰᠡᠲᠦᠨ ᠲᠦᠰᠦᠪᠯᠡᠵᠦ᠂ ᠨᠡᠩ ᠣᠯᠠᠨ ᠲᠥᠷᠥᠯ ᠵᠦᠢᠯ ᠢ ᠤᠯᠤᠰ | ᠪᠣᠯᠤᠨ ᠥᠪᠡᠷᠲᠡᠭᠡᠨ ᠵᠠᠰᠠᠬᠤ ᠣᠷᠣᠨ ᠤ ᠶᠡᠭᠡ ᠲᠦᠰᠦᠪ ᠲᠤ ᠣᠷᠣᠭᠤᠯᠬᠤ ᠪᠠᠷ ᠴᠢᠷᠮᠠᠶᠢᠨ᠎ᠠ᠃ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠭᠡᠵᠦ᠂ | ᠬᠤᠲᠠ ᠶᠢᠨ ᠲᠡᠰ ᠤᠨ ᠭᠤᠣᠯᠳᠠᠯᠭ᠎ᠠ ᠲᠠᠢ 416 ᠲᠥᠷᠦᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠦ᠂ ᠵᠢᠯ ᠳᠤ 410.8 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠤᠢ ᠪᠦᠬᠦᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠵᠦ ᠳᠠᠭᠤᠰᠬᠠᠨ᠂ ᠪᠦᠬᠦ ᠵᠢᠯ ᠤᠨ | ᠠᠵᠢᠯ ᠡᠬᠢᠯᠡᠭᠦᠯᠦᠨ ᠰᠡᠷᠭᠦᠭᠡᠬᠦ ᠨᠣᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠬᠦ ᠨᠣᠷᠮ᠎ᠠ ᠶᠢ ᠴᠥᠮ 100% ᠳᠤ ᠬᠦᠷᠭᠡᠨ᠎ᠡ᠃ ᠲᠦᠷᠦᠯ ᠵᠦᠢᠯ ᠲᠠᠲᠠᠨ | ᠤᠷᠤᠭᠤᠯᠬᠤ ᠶᠢ ᠲᠦᠷᠭᠡᠰᠭᠡᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠬᠢᠮᠢ ᠶᠢᠨ ᠠᠵᠤ ᠦᠢᠯᠡᠳᠪᠦᠷᠢ᠂ ᠮᠥᠰᠥ ᠴᠠᠰᠤᠨ ᠤ ᠲᠤᠨᠤᠭᠯᠠᠯ᠂ | ᠠᠮᠢᠳᠤ ᠪᠣᠳᠠᠰ ᠤᠨ ᠡᠮ ᠦᠢᠯᠡᠳᠬᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠷᠴᠤ ᠶᠠᠪᠤᠬᠤ᠂ ᠤᠷᠢᠵᠤ ᠠᠪᠴᠢᠷᠠᠬᠤ︾ ᠤᠨᠤᠴᠠᠲᠠᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ | ᠥᠷᠨᠢᠭᠦᠯᠦᠨ᠂ ᠪᠥᠬᠦ ᠴᠤᠪᠤᠷᠠᠯ ᠤᠨ ᠮᠥᠷᠳᠡᠨ ᠦᠢᠯᠡᠴᠢᠯᠡᠬᠦ ᠶᠢ ᠰᠢᠯᠢᠳᠡᠭᠵᠢᠭᠦᠯᠵᠦ᠂ ᠲᠠᠲᠠᠨ ᠠᠪᠴᠢᠷᠠᠵᠤ ᠪᠣᠳᠠᠲᠠᠶᠢᠵᠢᠭᠤᠯᠬᠤ ᠪᠠᠯᠠ ᠮᠥᠩᠭᠦ ᠶᠢ 10% ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠠᠵᠤ ᠠᠬᠤᠶᠢᠯᠠᠯ ᠢ ᠳᠡᠮᠵᠢᠬᠦ ᠠᠵᠢᠯᠯᠠᠭᠠᠨ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠬᠤᠲᠠ ᠶᠢᠨ ᠱᠠᠲᠤᠨ ᠤ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠬᠤ᠂ ᠠᠵᠢᠯ ᠤᠨ ᠲᠤᠰᠬᠠᠢ ᠠᠩᠭᠢ ᠲᠣᠭᠤᠷᠢᠨ ᠰᠤᠷᠪᠤᠯᠵᠢᠯᠠᠬᠤ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠬᠡᠷᠡᠭᠴᠡᠭᠡ ᠱᠠᠭᠠᠷᠳᠠᠯᠭ᠎ᠠ | ᠠᠰᠠᠭᠤᠬᠤ︾ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠨᠢ ᠬᠥᠪᠴᠢᠯᠡᠬᠦ᠂ ᠪᠡᠯᠡ ᠮᠥᠩᠭᠦ ᠴᠤᠭᠯᠠᠭᠤᠯᠬᠤ᠂ ᠪᠡᠯᠡ ᠣᠷᠣᠭᠤᠯᠤᠯᠲᠠ ᠶᠢ | ᠠᠬᠢᠭᠤᠯᠬᠤ᠂ ᠵᠠᠬᠢᠶᠠᠯᠠᠭ᠎ᠠ ᠡᠷᠢᠬᠦ ᠶᠢ ᠬᠠᠪᠰᠤᠷᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠲᠠᠢ ᠺᠠᠳ᠋ᠷ ᠲᠤ ᠬᠠᠨᠤᠮᠵᠢ ᠶᠢᠨ ᠬᠡᠮᠵᠢᠶ᠎ᠡ ᠶᠢᠨ ︽ᠳᠠᠯᠳᠠᠭᠤᠷ︾ ᠰᠠᠨᠠᠯ ᠬᠤᠷᠢᠶᠠᠬᠤ | ᠲᠣᠭᠲᠠᠴᠠ ᠶᠢ ᠬᠡᠷᠡᠭᠵᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ | ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠵᠡᠷᠭᠡ ᠠᠰᠠᠭᠤᠳᠠᠯ ᠢ ᠡᠷᠡᠰ ᠵᠠᠰᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠡᠵᠡᠩᠨᠡᠭᠦᠯᠵᠦ᠂ ᠰᠡᠳᠬᠢᠯ ᠰᠢᠭᠤᠳᠤᠨ | ᠬᠥᠭᠵᠢᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ | ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠪᠦᠬᠦ ᠵᠢᠯ ᠳᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ | 100 ᠡᠷᠦᠬᠡ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠵᠠᠰᠠᠭ ᠤᠨ ᠣᠷᠳᠣᠨ ᠤ ᠠᠮᠠᠯᠠᠭᠰᠠᠨ ᠵᠦᠢᠯᠡᠰ ᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠠᠩᠰᠠᠨ ᠳᠠᠬᠢ ᠦᠷᠢ ᠰᠢᠷᠢ ᠶᠢ ᠠᠷᠭ᠎ᠠ | ᠪᠦᠬᠦᠨ ᠢ ᠰᠦᠪᠡᠭᠴᠢᠯᠡᠨ ᠨᠢᠭᠡᠳ ᠨᠢᠭᠡ ᠪᠠᠷ ᠢᠯᠭᠠᠷᠠᠭᠤᠯᠤᠨ ᠲᠦᠯᠦᠨ᠎ᠡ᠃ ︽ᠳᠠᠭᠤᠳᠠᠪᠠᠯ ᠬᠠᠷᠢᠭᠤ ᠲᠠᠢ︾ ᠠᠵᠢᠯ ᠤᠨ ᠲᠦᠷᠦᠯ ᠲᠡᠮᠳᠡᠭ ᠢ ᠳᠤᠪᠤᠶᠢᠯᠭᠠᠨ᠂ ︽ | ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠲᠤᠭ᠎ᠠ ᠬᠡᠮᠵᠢᠶ᠎ᠡ ᠪᠠ ᠠᠬᠤᠶ ᠪᠠᠶᠢᠳᠠᠯ ᠢ ᠦᠷᠭᠡᠳᠭᠡᠵᠦ᠂ 12345 ᠬᠠᠯᠠᠮᠰᠢᠯ ᠤᠲᠠᠰᠤᠨ ᠤ | ᠠᠵᠢᠯ ᠤᠨ ᠬᠠᠭᠤᠳᠠᠰᠤ ᠶᠢ ᠤᠨᠤᠴᠠᠲᠠᠢ ᠪᠠᠷ ᠭᠦᠢᠴᠡᠳᠭᠡᠨ᠎ᠡ᠃ ᠪᠥᠬᠦ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠥᠨᠳᠦᠷᠯᠢᠭ ᠢ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠤᠯᠠᠰᠢᠷᠠᠭᠤᠯᠤᠨ ᠬᠦᠭᠵᠢᠭᠡᠵᠦ᠂ | ᠬᠦᠴᠦᠷᠬᠡᠭᠵᠢᠭᠦᠯᠦᠨ᠎ᠡ᠃ | ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠤᠨ᠎ᠠ᠃ ︽ᠬᠤᠶᠠᠷ ᠰᠢᠨᠡᠳᠭᠡᠬᠦ︾ ᠲᠥᠷᠦ ᠶᠢᠨ ᠪᠣᠳᠣᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ | ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠪᠦᠬᠦ ᠵᠢᠯ ᠳᠤ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ 400 ᠤᠳᠠᠭ᠎ᠠ ᠠᠴᠠ ᠳᠡᠭᠡᠭᠰᠢ ᠥᠷᠨᠢᠭᠦᠯᠵᠦ᠂ ︽ᠠᠮᠢᠵᠢᠷᠠᠯ ᠪᠢᠯᠬᠠᠭᠰᠠᠨ ᠬᠥᠯᠥᠨ ᠪᠤᠶᠢᠷ · ᠴᠢᠨᠠᠷᠲᠠᠢ ᠬᠡᠷᠡᠭᠯᠡᠭᠡ ᠡᠳ᠋ᠯᠡᠬᠦ︾ ᠲᠦᠷᠦᠯ | ᠲᠡᠮᠳᠡᠭ ᠢ ᠡᠭᠦᠳᠦᠨ᠎ᠡ︔ ︽ᠬᠥᠯᠥᠨ ᠪᠤᠶᠢᠷ · ︿ᠰᠦᠯᠵᠢᠶᠡᠨ ᠠᠷᠠᠯᠵᠢᠶ᠎ᠠ﹀︾ ᠴᠠᠬᠢᠮ ᠬᠤᠳᠠᠯᠳᠤᠭᠠᠨ ᠤ ᠲᠦᠷᠦᠯ ᠲᠡᠮᠳᠡᠭ ᠤᠨ ᠨᠥᠯᠥᠭᠡᠯᠡᠯ ᠢ ᠶᠡᠬᠡᠰᠭᠡᠵᠦ᠂ | ᠬᠥᠯᠥᠨ ᠪᠤᠶᠢᠷ ᠤᠨ ᠡᠳ᠋ ᠪᠠᠷᠠᠭ᠎ᠠ ᠶᠢ ᠲᠠᠨᠢᠯᠴᠠᠭᠤᠯᠤᠨ ᠪᠣᠷᠣᠯᠠᠭᠤᠯᠵᠤ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠲᠤᠭᠠᠨ ᠤ ᠰᠢᠨ᠎ᠡ ᠰᠢᠪᠲᠤᠯᠤᠯᠲᠠ ᠶᠢ | ᠠᠬᠢᠭᠤᠯᠤᠨ᠎ᠠ᠃ ᠬᠡᠷᠡᠭᠯᠡᠭᠡ ᠶᠢᠨ ᠠᠬᠤᠶ ᠪᠠᠶᠢᠳᠠᠯ ᠤᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ᠂ ᠢᠳᠡᠭᠡᠨ ᠤᠮᠳᠠᠭᠠᠨ ᠬᠤᠨᠤᠭ ᠪᠠᠭᠤᠳᠠᠯ᠂ ᠨᠠᠰᠤᠵᠢᠯ ᠤᠨ | ᠠᠰᠠᠷᠠᠮᠵᠢ ᠬᠡᠦᠬᠡᠳ ᠰᠠᠭᠠᠲᠠᠭᠤᠯᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠭᠤᠯᠴᠢᠯᠠᠯ +︾ ︽ᠳᠠᠭᠤᠤ ᠬᠥᠭᠵᠢᠮ +︾ | ︽ᠤᠷᠤᠯᠳᠤᠭᠠᠨ +︾ ︽ᠡᠷᠡᠭᠦᠯᠵᠢᠯ ᠰᠤᠪᠢᠯᠠᠯᠲᠠ +︾ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠳᠡᠮᠵᠢᠵᠦ᠂ ︽ | ᠠᠶᠠᠯᠭᠤᠲᠤ ᠵᠢᠭᠤᠯᠴᠢᠯᠠᠯ ᠥᠪᠥᠷ ᠮᠣᠩᠭᠤᠯ · ᠪᠠᠶᠠᠷ ᠴᠡᠩᠭᠡᠯᠲᠦ ᠬᠥᠯᠥᠨ ᠪᠤᠶᠢᠷ︾ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭᠠᠨ ᠤ ᠰᠢᠷᠢᠰ | ᠠᠵᠢᠯᠯᠠᠭ᠎ᠠ ᠶᠢ ᠦᠷᠨᠢᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢᠨ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃ ᠬᠡᠷᠡᠭᠯᠡᠭᠡᠨ ᠤ ᠪᠦᠯᠦᠭᠵᠢᠯ ᠢ ᠥᠷᠭᠡᠳᠬᠡᠨ᠂ | ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠬᠢᠯᠢ ᠪᠠᠷ ᠣᠷᠣᠵᠤ ᠢᠷᠡᠨ ᠬᠡᠷᠡᠭᠯᠡᠭᠡ | ᠬᠢᠬᠦ ᠶᠢ ᠢᠳᠡᠪᠬᠢᠲᠡᠶ ᠪᠠᠷ ᠲᠠᠲᠠᠨ᠎ᠠ︔ ᠨᠠᠰᠤᠲᠠᠶᠢᠴᠤᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡ᠂ ᠡᠷᠡᠭᠦᠯ ᠮᠡᠨᠳᠦ ᠶᠢᠨ ᠴᠢᠬᠤᠯᠠ ᠬᠡᠷᠡᠭᠴᠡᠭᠡ᠂ ᠣᠶᠤᠨ | ᠰᠠᠨᠠᠭᠠᠨ ᠤ ᠪᠠᠴᠢᠮ ᠬᠡᠷᠡᠭᠴᠡᠭᠡ ᠶᠢᠨ ᠲᠤᠭᠤᠷᠢᠨ ᠳᠤ᠂ ᠨᠠᠰᠤᠲᠠᠨ ᠢ ᠬᠠᠪᠰᠤᠷᠬᠤ᠂ ᠨᠠᠰᠤᠲᠠᠨ ᠢ ᠬᠠᠮᠠᠭᠠᠯᠠᠬᠤ᠂ ᠨᠠᠰᠤᠲᠠᠨ ᠳᠤ ᠲᠤᠬᠢᠷᠠᠬᠤ᠂ ᠨᠠᠰᠤᠲᠠᠨ ᠢ | ᠲᠤᠰᠠᠯᠠᠬᠤ ᠦᠢᠯᠡᠳᠬᠦᠨ ᠪᠠ ᠦᠢᠯᠡᠴᠢᠯᠡᠭᠡ ᠬᠠᠩᠭᠠᠨ᠎ᠠ᠃ ᠬᠡᠷᠡᠭᠯᠡᠭᠡᠨ ᠤ ᠲᠦᠪᠯᠡᠷᠡᠭᠰᠡᠨ ᠭᠠᠵᠠᠷ ᠢ ᠡᠭᠦᠳᠦᠨ ᠴᠤᠭᠴᠠᠯᠠᠵᠤ᠂ ᠲᠦᠷᠦᠭᠦᠴᠢ ᠳᠡᠯᠭᠡᠭᠦᠷ ᠤᠨ ᠠᠵᠤ | ᠠᠬᠤᠢ ᠶᠢ ᠶᠡᠬᠡᠪᠡᠷ ᠬᠥᠭᠵᠢᠭᠦᠯᠦᠨ᠂ ᠯᠦᠩ ᠹᠧᠩ ᠰᠢᠨ ᠲᠢᠶᠠᠨ ᠳ᠋ᠢ᠂ ᠳ᠋ᠠ ᠱᠠᠩ ᠶᠢᠤ ᠢ᠂ ᠢ ᠱᠢ ᠳ᠋ᠠᠨ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠲᠦᠷᠦᠯ ᠲᠡᠮᠳᠡᠭ ᠤᠨ ᠲᠦᠷᠦᠭᠦᠴᠢ ᠳᠡᠯᠭᠡᠭᠦᠷ᠂ ᠲᠤᠭᠴᠢ ᠳᠡᠯᠭᠡᠭᠦᠷ ᠣᠷᠣᠭᠤᠯᠤᠨ ᠠᠪᠴᠢᠷᠠᠬᠤ ᠶᠢ ᠳᠡᠮᠵᠢᠵᠦ᠂ ᠬᠡᠷᠡᠭᠯᠡᠭᠡᠨ ᠤ | ᠬᠡᠷᠡᠭᠴᠡᠭᠡ ᠪᠠ ᠬᠤᠳᠠᠯᠳᠤᠨ ᠠᠪᠬᠤ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠲᠠ ᠶᠢᠨ ᠬᠡᠪᠴᠢᠶᠡᠨ ᠳᠤ ᠪᠠᠳᠠᠷᠠᠭᠤᠯᠤᠨ᠎ᠠ᠃ |