2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 6
ᠨᠡᠶᠢᠲᠡᠯᠡᠭᠰᠡᠨ ᠴᠠᠭ᠄
2025/2/12
       ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠯᠢᠳᠡᠭ ᠢ ᠪᠤᠶᠢᠵᠢᠭᠤᠯᠵᠤ ᠴᠢᠨᠠᠷ ᠢ ᠳᠡᠭᠡᠭᠰᠢᠯᠡᠭᠦᠯᠬᠦ ᠳᠤᠮᠳᠠ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠭᠦᠨᠵᠡᠭᠡᠶᠢᠷᠡᠭᠦᠯᠵᠦ᠂ ᠪᠦᠲᠦᠴᠡ ᠵᠣᠬᠢᠰᠲᠠᠢ᠂ ᠣᠨᠴᠠᠯᠢᠭ ᠢᠯᠡ ᠲᠣᠳᠣ᠂ ᠬᠦᠳᠡᠯᠭᠡᠭᠴᠢ ᠡᠨᠧᠷᠭᠢ ᠦᠷᠬᠦᠯᠵᠢᠯᠡᠬᠦᠶᠢᠴᠡ ᠣᠳᠣᠬᠢᠴᠢᠯᠠᠭᠰᠠᠨ ᠠᠵᠤ ᠦᠢᠯᠡᠰ ᠤᠨ ᠲᠤᠭᠲᠠᠯᠴᠠᠭ᠎ᠠ ᠶᠢ ᠪᠠᠶᠢᠭᠤᠯᠤᠨ᠎ᠠ᠃        ᠲᠠᠷᠢᠶᠠᠯᠠᠩ ᠮᠠᠯ ᠠᠵᠤ ᠠᠬᠤᠶ ᠶᠢᠨ ᠬᠡᠮᠵᠢᠶ᠎ᠡ ᠴᠢᠨᠠᠷ ᠤᠨ ᠬᠤᠤᠰ ᠨᠡᠮᠡᠭᠳᠡᠯ ᠤᠨ ᠰᠠᠭᠤᠷᠢ ᠶᠢ ᠴᠢᠩᠳᠠᠯᠠᠨ ᠠᠬᠢᠭᠤᠯᠤᠨ᠎ᠠ᠃ 174 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠠᠷ ᠲᠦᠯᠦᠪᠯᠡᠵᠦ᠂ 2450 ᠲᠦᠮᠡᠨ ᠮᠥ ᠠᠴᠠ ᠳᠡᠭᠡᠭᠰᠢ ᠠᠮᠤ ᠪᠤᠳᠠᠭ᠎ᠠ ᠳᠠᠷᠢᠬᠤ ᠲᠠᠯᠠᠪᠠᠶ ᠶᠢ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 132 ᠳ᠋ᠦᠩᠰᠢᠭᠤᠷ ᠵᠢᠩ ᠠᠴᠠ ᠳᠡᠭᠡᠭᠰᠢ ᠳᠤ ᠲᠤᠭᠲᠠᠪᠤᠷᠢᠵᠢᠭᠤᠯᠵᠤ᠂ ᠮᠢᠬ᠎ᠠ᠂ ᠰᠦ ᠶᠢᠨ ᠭᠠᠷᠤᠯᠳᠠ ᠶᠢ 27 ᠲᠦᠮᠡᠨ ᠲᠣᠨ ᠪᠠ 85 ᠲᠦᠮᠡᠨ ᠲᠣᠨ ᠠᠴᠠ ᠳᠡᠭᠡᠭᠰᠢ ᠳᠤ ᠲᠤᠭᠲᠠᠭᠤᠨᠵᠢᠭᠤᠯᠤᠨ᠎ᠠ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠬᠡᠳᠦ ᠮᠠᠯᠵᠢᠬᠤ ᠶᠢ ᠴᠢᠩᠭ᠎ᠠ ᠬᠢᠨᠠᠨ ᠬᠠᠮᠢᠶᠠᠷᠤᠨ ᠵᠠᠰᠠᠵᠤ᠂ ︽1+13+30︾ ᠲᠥᠷᠥ ᠶᠢᠨ ᠪᠣᠳᠣᠯᠭ᠎ᠠ ᠶᠢᠨ ᠲᠤᠭᠲᠠᠯᠴᠠᠭ᠎ᠠ ᠵᠢᠴᠢ ᠠᠷᠭ᠎ᠠ ᠪᠠᠷᠢᠯ ᠢ ᠪᠥᠬᠦ ᠲᠠᠯ᠎ᠠ ᠪᠠᠷ ᠳᠡᠯᠭᠡᠷᠡᠭᠦᠯᠬᠦ ᠶᠢ ᠦᠷᠬᠦᠯᠵᠢᠯᠡᠨ ᠠᠬᠢᠭᠤᠯᠵᠤ᠂ ︽ᠬᠦᠢᠲᠡᠨ ᠤᠯᠠᠷᠢᠯ ᠳᠤ ᠲᠥᠪᠯᠡᠷᠡᠭᠦᠯᠦᠨ ᠬᠠᠰᠢᠶᠠᠯᠠᠨ ᠲᠡᠵᠢᠭᠡᠵᠦ᠂ ᠳᠤᠯᠠᠭᠠᠨ ᠤᠯᠠᠷᠢᠯ ᠳᠤ ᠪᠡᠯᠴᠢᠭᠡᠷᠯᠡᠭᠦᠯᠦᠨ ᠮᠠᠯᠵᠢᠬᠤ︾ ᠵᠠᠭᠪᠤᠷ ᠢ ᠳᠡᠯᠭᠡᠷᠡᠭᠦᠯᠵᠦ᠂ 2 ᠲᠦᠮᠡᠨ ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠤᠨ ᠰᠢᠨᠡᠳᠭᠡᠨ ᠵᠠᠰᠠᠵᠤ᠂ ᠲᠡᠵᠢᠭᠡᠯ ᠡᠪᠡᠰᠦᠨ ᠤ 24 ᠬᠥᠮᠥᠷᠭᠡ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠳᠥᠷᠪᠡᠨ ᠬᠤᠰᠢᠭᠤ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠬᠡᠳᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠵᠢᠱᠢᠶ᠎ᠡ ᠦᠵᠡᠭᠦᠯᠬᠦ ᠣᠷᠣᠨ ᠪᠠ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠬᠤᠰᠢᠭᠤᠴᠢ ᠣᠷᠣᠨ ᠪᠣᠯᠭᠠᠨ ᠪᠠᠶᠢᠭᠤᠯᠤᠨ᠎ᠠ᠃ ᠲᠠᠯ᠎ᠠ ᠨᠤᠲᠤᠭ ᠤᠨ ᠠᠯᠠᠰᠢᠨ ᠬᠤᠨᠢ᠂ ᠰᠢᠷ᠎ᠠ ᠪᠤᠷᠴᠠᠭ ᠤᠨ ᠤᠯᠤᠰ ᠤᠨ ᠲᠠᠰ ᠤᠨ ᠠᠵᠤ ᠦᠢᠯᠡᠰ ᠤᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠳᠡᠨᠢ ᠰᠢᠰᠢ᠂ ᠪᠣᠭᠤᠳᠠᠶ᠂ ᠰᠢᠯᠢᠮᠳᠡᠭ᠂ ᠰᠢᠬᠢᠷ ᠯᠤᠤᠪᠠᠩ᠂ ᠠᠯᠠᠰᠢᠨ ᠦᠬᠡᠷ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠲᠦᠷᠦᠯ ᠲᠡᠮᠳᠡᠭ ᠤᠨ ᠪᠤᠷᠤᠯᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ︽ᠮᠣᠩᠭᠤᠯ︾ ᠦᠰᠦᠭᠲᠦ ᠲᠥᠷᠥᠯ ᠲᠡᠮᠳᠡᠭ ᠤᠨ ᠮᠡᠳᠡᠴᠡ ᠶᠢ ᠳᠡᠭᠡᠭᠰᠢᠯᠡᠭᠦᠯᠵᠦ᠂ ᠨᠠᠩ ᠰᠢᠯᠢᠳᠡᠭ᠂ ᠨᠠᠩ ᠪᠣᠬᠢᠷᠲᠤᠯ ᠥᠬᠡᠶ᠂ ᠨᠠᠩ ᠠᠮᠤᠷ ᠲᠦᠪᠰᠢᠨ ᠴᠢᠨᠠᠷ ᠰᠠᠶᠢᠲᠠᠶ ᠬᠦᠯᠦᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠤᠢ ᠶᠢᠨ ᠭᠠᠷᠤᠯᠲᠠ ᠶᠢ ᠪᠥᠬᠦ ᠤᠯᠤᠰ ᠲᠤ ᠳᠡᠯᠭᠡᠷᠡᠬᠦᠯᠵᠦ᠂ ᠳᠡᠯᠡᠬᠡᠢ ᠳ᠋ᠠᠬᠢᠨ ᠳᠤ ᠲᠦᠭᠡᠭᠡᠨ᠎ᠡ᠃        ᠠᠵᠤ ᠦᠢᠯᠡᠳᠪᠦᠷᠢ ᠶᠢᠨ ᠦᠷᠭᠦᠯᠵᠢᠯᠡᠨ ᠰᠠᠶᠢᠵᠢᠷᠠᠯᠲᠠ ᠶᠢᠨ ᠬᠡᠯᠪᠡᠷᠢ ᠶᠢ ᠬᠤᠪᠢᠷᠠᠭᠤᠯᠤᠨ ᠠᠬᠢᠭᠤᠯᠤᠨ᠎ᠠ᠃ ᠤᠯᠠᠮᠵᠢᠯᠠᠯᠲᠤ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠲᠡᠰᠢ ᠬᠤᠪᠢᠷᠠᠬᠤ ᠶᠢ ᠠᠬᠢᠭᠤᠯᠤᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠸᠠᠩ ᠮᠢᠩ ᠨᠡᠭᠦᠷᠡᠰᠦᠨ ᠦᠢᠯᠡᠰ ᠤᠨ 120 ᠲᠦᠮᠡᠨ ᠲᠤᠨ ᠨᠡᠭᠦᠷᠡᠰᠦᠨ ᠠᠭᠤᠷᠬᠠᠢ᠂ ᠵᠠᠯᠠᠶᠢᠨᠠᠭᠤᠷ ᠲᠣᠭᠤᠷᠢᠭ ᠤᠨ 2×35 ᠲᠦᠮᠡᠨ ᠺᠢᠯᠤᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ᠂ ᠮᠠᠨᠵᠤᠤᠷ ᠤᠨ ᠪᠣᠬᠢᠷᠲᠤᠯ ᠥᠬᠡᠶ ᠴᠠᠬᠢᠯᠭᠠᠨ ᠬᠠᠩᠭᠠᠯᠭ᠎ᠠ ᠶᠢ ᠠᠮᠢᠳᠤᠯᠢᠭ ᠢᠶᠠᠷ ᠬᠡᠷᠡᠭᠯᠡᠬᠦ᠂ ᠭᠦᠸᠧ ᠨᠧᠩ ᠤᠨ ᠡᠸᠡᠩᠬᠢ ᠴᠠᠬᠢᠯᠭᠠᠨ ᠤ ᠦᠢᠯᠡᠳᠪᠦᠷᠢ ᠶᠢᠨ ᠬᠤᠯᠠ ᠵᠠᠢ ᠳᠤ ᠢᠯᠴᠢ ᠬᠠᠩᠭᠠᠬᠤ ᠦᠭᠡᠷᠡᠴᠢᠯᠡᠨ ᠰᠢᠨᠡᠳᠭᠡᠯ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ 13 ᠰᠠᠭᠤᠷᠢ ᠣᠷᠳᠣ ᠬᠤᠭᠤᠴᠠᠭ᠎ᠠ ᠪᠠᠷ ᠦᠢᠯᠡᠳᠪᠦᠷᠢᠯᠡᠯ ᠪᠠ ᠪᠦᠲᠦᠭᠡᠨ ᠪᠠᠶᠢᠭᠤᠯᠤᠯᠳᠠ ᠵᠣᠭᠰᠣᠭᠰᠠᠨ ᠨᠡᠭᠦᠷᠡᠰᠦᠨ ᠠᠭᠤᠷᠬᠠᠶ ᠶᠢ ᠯᠠᠪᠳᠠᠭᠤᠨ ᠢᠶᠠᠷ ᠲᠥᠷᠥᠯ ᠬᠤᠪᠢᠶᠠᠨ ᠰᠢᠢᠳᠪᠦᠷᠢᠯᠡᠵᠦ᠂ ᠨᠡᠭᠦᠷᠡᠰᠦᠨ ᠤ ᠭᠠᠷᠤᠯᠲᠠ ᠶᠢ 1.1 ᠳ᠋ᠦᠩᠰᠢᠭᠤᠷ ᠲᠣᠨ ᠣᠷᠴᠢᠮ ᠳᠤ ᠲᠤᠭᠲᠠᠭᠤᠨᠵᠢᠭᠤᠯᠵᠤ᠂ ᠴᠠᠬᠢᠯᠭᠠᠨ ᠭᠠᠷᠭᠠᠯᠲᠠ ᠶᠢ 410 ᠳ᠋ᠦᠩᠰᠢᠭᠤᠷ ᠭᠷᠠᠳᠦ᠋ᠰ ᠲᠤ ᠲᠤᠭᠲᠠᠭᠤᠨᠵᠢᠭᠤᠯᠤᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ︽ᠨᠢᠭᠡ ᠬᠠᠷᠠᠯᠲᠠ᠂ ᠬᠤᠶᠠᠷ ᠲᠤᠯᠭᠠᠭᠤᠷᠢᠯᠠᠯ᠂ ᠭᠤᠷᠪᠠᠨ ᠠᠵᠤ ᠦᠢᠯᠡᠰ︾ ᠲᠤ ᠠᠩᠬᠠᠷᠤᠯ ᠢᠶᠠᠨ ᠲᠥᠪᠯᠡᠷᠡᠭᠦᠯᠦᠨ᠂ ᠠᠷᠤᠨ ᠬᠤᠰᠢᠭᠤᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠢᠮᠦ᠋ ᠲᠣᠭᠲᠠᠮᠠᠯ ᠭᠥᠶᠥᠳᠡᠯᠳᠦ ᠭᠠᠳᠠᠭᠰᠢ ᠳᠠᠮᠵᠢᠭᠤᠯᠭ᠎ᠠ  ᠶᠢᠨ ᠳᠠᠪᠠᠭᠠᠨ ᠤ ᠵᠡᠭᠦᠨᠳᠡᠬᠢ ᠬᠤᠶᠠᠳᠤᠭᠠᠷ ᠬᠤᠭᠤᠴᠠᠭᠠᠨ ᠤ 100 ᠲᠦᠮᠡᠨ ᠺᠢᠯᠤᠸᠠᠲ ᠤᠨ ᠰᠠᠯᠬᠢᠨ ᠤ ᠴᠠᠬᠢᠯᠭᠠᠨ᠂ ᠭᠦᠸᠧ ᠨᠧᠩ ᠤᠨ ᠮᠣᠷᠢᠨᠳᠠᠪᠠᠭ᠎ᠠ ᠬᠤᠰᠢᠭᠤᠨ ᠤ 60 ᠲᠦᠮᠡᠨ ᠺᠢᠯᠤᠸᠠᠲ ᠤᠨ ᠰᠠᠯᠬᠢᠨ ᠤ ᠴᠠᠬᠢᠯᠭᠠᠨ᠂ ᠵᠠᠯᠠᠨ ᠠᠶᠢᠯ ᠬᠤᠲᠠ ᠶᠢᠨ ᠮᠧᠩ ᠨᠧᠩ ᠤᠨ 100 ᠲᠦᠮᠡᠨ ᠺᠢᠯᠤᠸᠠᠲ ᠤᠨ ᠰᠠᠯᠬᠢᠨ ᠬᠦᠴᠦᠨ ᠤ ᠨᠦᠭᠡᠴᠡᠯᠡᠯᠳᠡ ᠶᠢᠨ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠤᠨ ᠲᠤᠤᠷ ᠲᠤ ᠨᠡᠶᠢᠯᠡᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 600 ᠲᠦᠮᠡᠨ ᠺᠢᠯᠤᠸᠠᠲ ᠢ ᠳᠠᠪᠠᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠮᠢᠩ ᠰᠢᠨ ᠠᠭᠤᠷᠬᠠᠶ ᠶᠢᠨ ᠦᠢᠯᠡᠰ ᠤᠨ 100 ᠲᠦᠮᠡᠨ ᠲᠣᠨ ᠲᠤᠭᠤᠯᠭ᠎ᠠ ᠴᠠᠶᠢᠷ ᠮᠣᠯᠢᠪᠳᠧᠨ ᠤ ᠤᠯᠠᠨᠴᠢ ᠲᠡᠮᠦᠷᠯᠢᠭ ᠤᠨ ᠠᠭᠤᠷᠬᠠᠶ᠂ ᠴᠤᠤ ᠹᠠᠨ ᠠᠭᠤᠷᠬᠠᠶ ᠶᠢᠨ ᠦᠢᠯᠡᠰ ᠤᠨ 33 ᠲᠦᠮᠡᠨ ᠲᠣᠨ ᠲᠤᠭᠤᠯᠭ᠎ᠠ ᠴᠠᠶᠢᠷ ᠮᠦᠩᠭᠦᠨ ᠤ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠪᠠ ᠴᠧᠩ ᠴᠧᠩ ᠠᠭᠤᠷᠬᠠᠶ ᠶᠢᠨ ᠦᠢᠯᠡᠰ ᠤᠨ 270 ᠲᠦᠮᠡᠨ ᠲᠣᠨ ᠴᠢᠳᠠᠮᠵᠢ ᠥᠷᠭᠡᠳᠬᠡᠬᠦ ᠵᠡᠷᠭᠡ ᠲᠥᠷᠥᠯ ᠵᠦᠢᠯ ᠢ ᠲᠦᠷᠭᠡᠳᠭᠡᠨ ᠠᠬᠢᠭᠤᠯᠤᠨ᠎ᠠ᠃ ᠳᠠᠪᠠᠭᠤᠯᠢᠭ ᠤᠨᠴᠠᠯᠢᠭᠲᠤ ᠦᠢᠯᠡᠳᠬᠦ ᠪᠣᠯᠪᠠᠰᠤᠷᠠᠭᠤᠯᠬᠤ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ᠂ ᠤᠰᠤᠲᠥ᠋ᠷᠥᠭᠴᠢ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ ᠤᠷᠲᠤᠳᠬᠠᠬᠤ ᠶᠢ ᠠᠬᠢᠭᠤᠯᠤᠨ᠎ᠠ︔ ᠹᠦ᠋ ᠹᠧᠩ ᠤᠨ ᠵᠢᠯ ᠳᠤ 50 ᠲᠦᠮᠡᠨ ᠲᠣᠨ ᠤ ᠰᠢᠪᠲᠦᠷᠲᠦ ᠬᠦᠴᠢᠯ ᠵᠢᠴᠢ ᠢᠵᠢ ᠲᠦᠬᠦᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠴᠢᠳᠠᠪᠤᠷᠢ ᠶᠢ 350 ᠲᠦᠮᠡᠨ ᠲᠣᠨ ᠪᠣᠯᠭᠠᠨ ᠳᠡᠭᠡᠭᠰᠢᠯᠡᠭᠦᠯᠵᠦ᠂ ᠪᠥᠬᠦ ᠪᠥᠮᠪᠥᠷᠴᠡᠭ ᠤᠨ ᠬᠠᠮᠤᠭ ᠤᠨ ᠲᠤᠮᠤ ᠡᠷᠳᠡᠨᠢ ᠰᠢᠰᠢ ᠶᠢᠨ ᠰᠢᠪᠲᠦᠷᠲᠦ ᠬᠦᠴᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠰᠠᠯᠬᠢ ᠭᠡᠷᠡᠯ  ᠢᠶᠠᠷ ᠤᠰᠤᠲᠥ᠋ᠷᠥᠭᠴᠢ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠤᠬᠢᠷᠳᠤᠯ ᠦᠭᠡᠢ ᠴᠠᠬᠢᠯᠭᠠᠨ ᠪᠤᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠷᠤᠨ ᠬᠤᠰᠢᠭᠤ ᠪᠠ ᠮᠠᠨᠵᠤᠤᠷ ᠬᠤᠲᠠ ᠶᠢᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠷᠭᠡᠬᠡᠨ ᠵᠦᠪᠰᠢᠶᠡᠷᠡᠭᠳᠡᠬᠦ ᠶᠢ ᠠᠬᠢᠭᠤᠯᠵᠤ᠂ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠶᠠᠭᠰᠢ ᠬᠤᠲᠠ᠂ ᠬᠠᠭᠤᠴᠢᠨ ᠪᠠᠷᠭᠤ ᠬᠤᠰᠢᠭᠤ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠭᠦᠳᠦᠨ ᠪᠠᠶᠢᠭᠤᠯᠤᠯᠳᠠ ᠶᠢ ᠳᠠᠮᠵᠢᠨ᠎ᠠ᠃        ᠵᠢᠭᠤᠯᠴᠢᠯᠠᠯ ᠤᠨ ᠪᠦᠬᠦ ᠪᠦᠰᠡ ᠪᠦᠬᠦ ᠤᠯᠠᠷᠢᠯ ᠤᠨ ᠬᠥᠭᠵᠢᠯᠲᠡ ᠶᠢ ᠠᠭᠤᠰᠤᠯᠴᠠᠭᠤᠯᠤᠨ ᠠᠬᠢᠭᠤᠯᠤᠨ᠎ᠠ᠃ ︽ᠨᠢᠭᠡ ᠬᠥᠨᠳᠡᠯᠡᠨ ᠬᠤᠶᠠᠷ ᠭᠤᠯᠳᠤ ᠲᠠᠪᠤᠨ ᠴᠠᠭᠠᠷᠢᠭ︾ ᠵᠢᠭᠤᠯᠴᠢᠯᠠᠯ ᠤᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠵᠦ᠂ ᠵᠢᠭᠤᠯᠴᠢᠯᠠᠯ ᠤᠨ ᠴᠠᠭᠠᠷᠢᠭ ᠱᠤᠭᠤᠮ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠵᠠᠯᠠᠨ ᠠᠶᠢᠯ ᠤᠨ ᠴᠠᠶᠢᠾᠧ ᠦᠵᠡᠮᠵᠢ ᠶᠢᠨ ᠣᠷᠣᠨ ᠵᠡᠷᠭᠡ 73 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ · ᠮᠡᠷᠭᠡᠯ ᠭᠤᠣᠯ᠂ ᠬᠦᠢᠲᠡᠨ ᠲᠤᠶᠢᠯ ᠤᠨ ᠲᠣᠰᠬᠤᠨ ᠵᠡᠷᠭᠡ ᠦᠵᠡᠮᠵᠢ ᠶᠢᠨ ᠣᠷᠣᠨ ᠤ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠭᠡᠭᠡᠨ ᠭᠤᠣᠯ ᠬᠤᠲᠠ ᠶᠢᠨ ᠣᠯᠭᠤᠶᠠ ᠴᠠ ᠪᠤᠭᠤ ᠶᠢᠨ ᠠᠶᠢᠮᠠᠭ ᠤᠨ ᠦᠵᠡᠮᠵᠢ ᠶᠢᠨ ᠣᠷᠣᠨ ᠢ ᠤᠯᠤᠰ ᠤᠨ 5A ᠲᠡᠰ ᠤᠨ ᠦᠵᠡᠮᠵᠢ ᠶᠢᠨ ᠣᠷᠣᠨ ᠪᠣᠯᠭᠠᠬᠤ ᠪᠠᠷ ᠴᠢᠷᠮᠠᠶᠢᠬᠤ᠂ ᠡᠷᠭᠦᠨ᠎ᠡ ᠬᠤᠲᠠ ᠶᠢᠨ ᠮᠤᠷᠳᠠᠭ᠎ᠠ ᠶᠢ ᠤᠯᠤᠰ ᠤᠨ ᠲᠡᠰ ᠤᠨ ᠵᠢᠭᠤᠯᠴᠢᠯᠠᠯ ᠤᠨ ᠰᠡᠯᠡᠭᠦᠴᠡᠯ ᠠᠮᠠᠷᠠᠯᠲᠠ ᠶᠢᠨ ᠣᠷᠣᠨ ᠪᠤᠯᠭᠠᠬᠤ ᠪᠠᠷ ᠴᠢᠷᠮᠠᠶᠢᠬᠤ ᠶᠢ ᠪᠦᠬᠦ ᠬᠦᠴᠦᠨ ᠢᠶᠠᠷ ᠳᠡᠮᠵᠢᠨ᠎ᠡ᠃ ᠡᠪᠦᠯ ᠤᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠬᠥᠯᠥᠨ ᠪᠤᠶᠢᠷ ᠤᠨ ᠡᠪᠦᠯ ᠤᠨ ᠤᠯᠠᠷᠢᠯ ᠤᠨ ᠪᠠᠭᠠᠲᠤᠷ ᠵᠤᠷᠢᠭᠲᠠᠳ ᠤᠨ ᠴᠤᠭᠯᠠᠭᠠᠨ ᠤ ᠲᠥᠷᠥᠯ ᠲᠡᠮᠳᠡᠭ ᠢᠶᠠᠷ ᠬᠦᠲᠦᠯᠦᠨ ᠳᠠᠭᠠᠭᠤᠯᠵᠤ᠂ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠮᠥᠰᠥ ᠴᠠᠰᠤᠨ ᠤ ᠨᠠᠶᠢᠷ᠂ ᠥᠪᠥᠷ ᠮᠣᠩᠭᠤᠯ ᠤᠨ ᠮᠥᠰᠥ ᠴᠠᠰᠤᠨ ᠤ ᠨᠠᠭᠠᠳᠤᠮ᠂ ᠢᠮᠢᠨ ᠭᠤᠣᠯ ᠤᠨ ᠬᠤᠲᠠ ᠶᠢᠨ ᠬᠡᠭᠡᠷᠡᠯᠡᠨ ᠠᠶᠠᠯᠠᠬᠤ ᠤᠷᠤᠯᠳᠤᠭᠠᠨ᠂ ᠬᠦᠢᠲᠡᠨ ᠲᠤᠶᠢᠯ ᠤᠨ ᠮᠠᠷᠠᠽᠤᠨ ᠵᠡᠷᠭᠡ ᠣᠨᠴᠠᠯᠢᠭᠲᠤ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠬᠥᠯᠥᠨ ᠪᠤᠶᠢᠷ ᠤᠨ ᠮᠥᠰᠥ ᠴᠠᠰᠤᠨ ᠤ ᠵᠢᠭᠤᠯᠴᠢᠯᠠᠯ ᠤᠨ ᠣᠨᠴᠠᠯᠢᠭᠲᠤ ᠲᠥᠷᠥᠯ ᠲᠡᠮᠳᠡᠭ ᠢ ᠡᠭᠦᠳᠦᠨ ᠴᠤᠭᠴᠠᠯᠠᠨ᠎ᠠ᠃ ᠣᠨᠴᠠᠯᠢᠭᠲᠤ ᠵᠢᠭᠤᠯᠴᠢᠯᠠᠯ ᠤᠨ ᠰᠢᠨ᠎ᠡ ᠶᠢ ᠡᠭᠦᠳᠦᠨ ᠬᠦᠭᠵᠢᠭᠦᠯᠵᠦ᠂ ᠮᠠᠯᠵᠢᠬᠤ ᠡᠷᠦᠬᠡ ᠶᠢᠨ ᠵᠢᠭᠤᠯᠴᠢᠯᠠᠯ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ︔ ᠬᠢᠯᠢ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠬᠢᠯᠢ ᠶᠢᠨ ᠪᠣᠭᠤᠮᠲᠠ ᠶᠢᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ︽ᠲᠦᠮᠡᠨ ᠭᠠᠵᠠᠷ ᠤᠨ ᠴᠠᠶ ᠶᠢᠨ ᠵᠠᠮ︾ ︽ᠠᠭᠤᠰᠤᠯᠴᠠᠯ ᠤᠨ ᠵᠠᠮ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠰᠠᠶᠢᠲᠤᠷ ᠡᠷᠭᠢᠯᠡᠵᠦ᠂ ︽ᠬᠢᠲᠠᠳ ᠡᠮ ᠡᠮᠨᠡᠯᠭᠡ + ᠬᠢᠯᠢ ᠠᠯᠤᠰᠯᠠᠭᠰᠠᠨ ᠵᠢᠭᠤᠯᠴᠢᠯᠠᠯ︾ ᠢ ᠬᠥᠭᠵᠢᠭᠦᠯᠵᠦ᠂ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠡᠷᠡᠭᠦᠯ ᠡᠩᠬᠡ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠨ᠎ᠡ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠵᠤᠭᠠᠴᠠᠭᠰᠠᠳ ᠤᠨ ᠵᠠᠭᠠᠯᠳᠤᠯᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠤᠨ ᠬᠤᠨᠤᠭ ᠪᠠᠭᠤᠳᠠᠯ ᠤᠨ ᠠᠵᠢᠯ ᠲᠥᠷᠥᠯ ᠤᠨ ᠦᠨ᠎ᠡ ᠬᠠᠩᠰᠢ ᠶᠢᠨ ᠪᠠᠷᠢᠮᠵᠢᠶ᠎ᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠨᠠᠩ ᠣᠯᠠᠨ ︽ᠵᠤᠴᠢᠨ ᠡᠩᠬᠦᠷᠡᠶᠢᠯᠡᠬᠦ︾ ᠠᠷᠭ᠎ᠠ ᠬᠡᠮᠵᠢᠶ᠎ᠡ ᠶᠢ ᠭᠠᠷᠭᠠᠵᠤ᠂ ᠬᠥᠯᠥᠨ ᠪᠤᠶᠢᠷ ᠤᠨ ᠵᠢᠭᠤᠯᠴᠢᠯᠠᠯ ᠤᠨ ᠠᠯᠳᠠᠨ ᠦᠰᠦᠭᠲᠦ ᠲᠡᠮᠳᠡᠭ ᠢ ᠦᠷᠭᠦᠯᠵᠢᠯᠡᠨ ᠪᠠᠬᠢᠵᠢᠬᠦᠯᠦᠨ᠎ᠡ᠃ ᠪᠦᠬᠦ ᠵᠢᠯ ᠤᠨ ᠵᠤᠭᠠᠴᠠᠯ ᠤᠨ ᠬᠦᠯᠢᠶᠡᠨ ᠠᠪᠤᠭᠰᠠᠳ ᠤᠨ ᠲᠤᠭ᠎ᠠ ᠪᠠ ᠵᠤᠭᠠᠴᠠᠭᠰᠠᠳ ᠤᠨ ᠶᠡᠷᠦᠩᠬᠡᠢ ᠵᠠᠷᠤᠳᠠᠯ ᠢ ᠲᠣᠰᠪᠣᠷᠢ 3900 ᠲᠦᠮᠡᠨ ᠬᠥᠮᠦᠨ ᠤᠳᠠᠭ᠎ᠠ ᠪᠠ 655 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ