2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 7
ᠨᠡᠶᠢᠲᠡᠯᠡᠭᠰᠡᠨ ᠴᠠᠭ᠄
2025/2/12
       ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠳᠤ ᠰᠢᠨ᠎ᠡ ᠶᠢ ᠡᠭᠦᠳᠴᠦ ᠠᠬᠢᠭᠤᠯᠤᠨ᠎ᠠ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠰᠵᠢᠭᠦᠯᠦᠨ ᠠᠰᠢᠭᠯᠠᠬᠤ᠂ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ ᠠᠮᠢ ᠠᠬᠤᠢ ᠶᠢᠨ ᠦᠢᠯᠡᠳᠬᠦᠨ ᠤ ᠡᠵᠡᠩᠨᠡᠯᠲᠡ᠂ ᠤᠶᠤᠨᠲᠤ ᠲᠠᠪᠴᠠᠩ ᠤᠨ ᠪᠠᠶᠢᠭᠤᠯᠤᠯᠲᠠ ᠵᠡᠷᠭᠡ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠰᠦᠪᠡᠭᠴᠢᠯᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠥᠷᠲᠡᠭ ᠤᠨ ᠤᠯᠠᠷᠢᠭᠤᠯᠤᠯᠲᠠ ᠶᠢ ᠲᠦᠷᠭᠡᠳᠬᠡᠨ᠎ᠡ᠃ ᠳᠤᠤᠷ᠎ᠠ ᠠᠭᠠᠷ ᠤᠨ ᠣᠷᠣᠨ ᠤ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠳᠤᠤᠷ᠎ᠠ ᠠᠭᠠᠷ ᠤᠨ ᠣᠷᠣᠨ ᠤ ᠬᠠᠮᠢᠶᠠᠷᠤᠯᠲᠠ + ᠳᠤᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ︾ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠳᠤᠤᠷ᠎ᠠ ᠠᠭᠠᠷ ᠤᠨ ᠵᠢᠭᠤᠯᠴᠢᠯᠠᠯ ᠤᠨ ᠲᠦᠪᠯᠡᠷᠡᠯ ᠣᠷᠣᠨ ᠢ ᠪᠠᠶᠢᠭᠤᠯᠤᠨ᠎ᠠ᠃ ᠤᠯᠤᠰ ᠤᠨ ᠮᠥᠰᠥ ᠴᠠᠰᠤᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠵᠡᠭᠦᠨ ᠬᠤᠶᠢᠲᠤ ᠣᠷᠣᠨ ᠤ ᠮᠥᠰᠥ ᠴᠠᠰᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠦᠢᠳᠡᠨ ᠭᠠᠵᠠᠷ ᠤᠨ ᠰᠢᠯᠭᠠᠨ ᠲᠤᠷᠰᠢᠬᠤ ᠲᠥᠪ ᠤᠨ ᠦᠢᠯᠡᠳᠦᠯ ᠢ ᠪᠠᠳᠠᠷᠠᠭᠤᠯᠵᠤ᠂ ᠭᠦᠢᠳᠡᠨ ᠭᠠᠵᠠᠷ ᠤᠨ ᠲᠤᠷᠰᠢᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠵᠦ᠂ ᠬᠦᠢᠲᠡᠨ ᠭᠠᠵᠠᠷ ᠤᠨ ᠰᠢᠯᠭᠠᠨ ᠲᠤᠷᠰᠢᠬᠤ ᠠᠵᠤ ᠦᠢᠯᠡᠰ ᠤᠨ ᠪᠦᠯᠦᠭᠵᠢᠯ ᠢ ᠴᠤᠭᠴᠠᠯᠠᠨ᠎ᠠ᠃ ᠮᠥᠰᠥ ᠴᠠᠰᠤᠨ ᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠥᠰᠥ ᠴᠠᠰᠤᠨ ᠤ ᠲᠣᠨᠣᠭᠯᠠᠯ ᠦᠢᠯᠡᠳᠬᠦ ᠦᠢᠯᠡᠰ ᠤᠨ ᠰᠢᠪᠲᠤᠯᠤᠯᠲᠠ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃        ︵ᠭᠤᠷᠪᠠ︶ ᠭᠠᠳᠠᠭᠠᠳᠤ ᠨᠡᠬᠡᠬᠡᠯᠳᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠲᠤᠷᠠᠯᠴᠠᠭ᠎ᠠ ᠰᠣᠯᠢᠯᠴᠠᠭ᠎ᠠ ᠶᠢᠨ ᠳᠤᠮᠳᠠ ᠳᠠᠪᠠᠭᠤᠯᠢᠭ ᠢᠶᠠᠨ ᠪᠤᠢ ᠪᠣᠯᠭᠠᠨ᠎ᠠ᠃ ᠬᠢᠯᠢ ᠶᠢᠨ ᠪᠣᠭᠤᠮᠲᠠ ᠶᠢ ᠣᠯᠠᠨ ᠤᠯᠤᠰᠴᠢᠯᠠᠬᠤ᠂ ᠪᠥᠬᠦ ᠬᠤᠲᠠ ᠶᠢ ᠪᠣᠭᠤᠮᠲᠠᠵᠢᠭᠤᠯᠬᠤ᠂ ᠬᠥᠭᠵᠢᠯᠲᠡ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠵᠠᠩᠭᠢᠯᠠᠭ᠎ᠠ ᠶᠢ ᠴᠢᠩᠭᠠᠳᠬᠠᠵᠤ᠂ ᠨᠡᠪᠲᠡᠷᠡᠯ ᠵᠠᠮ ᠢ ᠰᠢᠯᠤᠭᠤᠳᠬᠠᠵᠤ᠂ ᠲᠠᠪᠴᠠᠩ ᠪᠠᠶᠢᠭᠤᠯᠤᠨ ᠂ ᠠᠵᠤ ᠦᠢᠯᠡᠰ ᠢ ᠲᠦᠪᠯᠡᠷᠡᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃       ᠬᠢᠯᠢ ᠶᠢᠨ ᠪᠣᠭᠤᠮᠲᠠ ᠶᠢᠨ ᠪᠣᠭᠤᠮᠲᠠ ᠭᠠᠲᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠢᠯᠢ ᠶᠢᠨ ᠪᠣᠭᠤᠮᠲᠠ ᠶᠢᠨ ᠢᠵᠢ ᠲᠦᠬᠦᠷ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ᠂ ᠮᠠᠨᠵᠤᠤᠷ᠂ ᠡᠪᠦᠳᠦᠭ ᠬᠢᠯᠢ ᠶᠢᠨ ᠪᠣᠭᠤᠮᠲᠠ ᠶᠢᠨ ᠬᠢᠯᠢ ᠪᠠᠷ ᠤᠷᠤᠭᠤᠯᠬᠤ ᠠᠮᠤ ᠪᠤᠳᠠᠭᠠᠨ ᠤ ᠪᠣᠭᠤᠮᠲᠠ ᠶᠢᠨ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠾᠧᠢ ᠱᠠᠨ ᠳᠧᠦ ᠬᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠬᠤ ᠪᠠᠷᠠᠭ᠎ᠠ ᠶᠢᠨ ᠲᠠᠯᠠᠪᠠᠢ᠂ ᠠᠷᠤᠬᠠᠰᠢᠶᠠᠲᠤ ᠬᠢᠯᠢ ᠶᠢᠨ ᠪᠣᠭᠤᠮᠲᠠ ᠶᠢᠨ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ︽ᠬᠠᠶᠢᠯᠠᠷ— ᠯᠠᠪᠳᠠᠯᠢᠨ— ᠾᠸᠢ ᠱᠠᠨ ᠲᠸᠤ— ᠫᠷᠢ ᠠᠷᠭᠤᠨᠰᠺ︾ ᠳᠤᠮᠳᠠᠳᠤ ᠣᠷᠣᠰ ᠤᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠠᠬᠢᠭᠤᠯᠵᠤ᠂ ᠡᠪᠦᠳᠦᠭ ᠬᠢᠯᠢ ᠶᠢᠨ ᠪᠤᠭᠤᠮᠲᠠ ᠶᠢᠨ 2 ᠨᠣᠮᠧᠷᠲᠤ ᠵᠠᠭᠠᠭ ᠭᠤᠣᠯ ᠤᠨ ᠬᠥᠭᠦᠷᠭᠡ᠂ ᠮᠠᠨᠵᠤᠤᠷ ᠠᠴᠠ ᠬᠤᠶᠢᠲᠤ ᠪᠠᠶᠢᠭᠠᠯ ᠬᠦᠷᠬᠦ ᠪᠠᠷᠢᠮᠵᠢᠶᠠᠲᠤ ᠲᠡᠮᠦᠷ ᠵᠠᠮ ᠤᠨ ᠬᠤᠶᠠᠳᠤᠭᠠᠷ ᠱᠤᠭᠤᠮ᠂ ᠮᠠᠨᠵᠤᠤᠷ ᠤᠨ ᠵᠠᠰᠠᠮᠠᠯ ᠵᠠᠮ ᠤᠨ ᠬᠢᠯᠢ  ᠶᠢᠨ ᠪᠣᠭᠤᠮᠲᠠ ᠶᠢᠨ ︽ᠵᠢᠷᠭᠤᠭ᠎ᠠ ᠤᠷᠤᠭᠤᠯᠬᠤ ᠵᠢᠷᠭᠤᠭ᠎ᠠ ᠭᠠᠷᠭᠠᠬᠤ︾ ᠨᠡᠪᠲᠡᠷᠡᠯ ᠵᠠᠮ ᠢ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠤᠶᠤᠨᠲᠤ ᠬᠢᠯᠢ ᠶᠢᠨ ᠪᠣᠭᠤᠮᠲᠠ᠂ ᠲᠤᠭᠠᠵᠢᠯᠲᠤ ᠤᠯᠤᠰ ᠤᠨ ᠡᠭᠦᠳᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠯᠡᠵᠦ᠂ ᠮᠠᠨᠵᠤᠤᠷ ᠤᠨ ᠤᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠪᠦᠬᠦ ᠬᠤᠲᠠ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 2680 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃        ᠨᠡᠭᠡᠭᠡᠯᠲᠡ ᠬᠢᠬᠦ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠳᠤ ᠣᠷᠣᠨ ᠤ ᠳᠡᠰ ᠳᠡᠪᠰᠢᠬᠦ ᠶᠢ ᠠᠬᠢᠭᠤᠯᠤᠨ᠂ ᠮᠠᠨᠵᠤᠤᠷ ᠤᠨ ᠬᠢᠯᠢ ᠳᠠᠭᠠᠤ ᠠᠵᠤ ᠦᠢᠯᠡᠰ ᠤᠨ ᠬᠠᠮᠵᠢᠯᠴᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠳᠡᠰ ᠳᠠᠪᠬᠤᠷᠭᠠᠲᠤ ᠪᠣᠰᠤᠭ᠎ᠠ ᠴᠣᠭᠴᠠᠲᠤ ᠨᠡᠭᠡᠭᠡᠯᠲᠡ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠦᠬᠦ ᠪᠦᠰᠡ ᠶᠢᠨ ᠬᠢᠯᠢ ᠶᠢᠨ ᠪᠣᠭᠤᠮᠲᠠ ᠪᠠ ᠲᠠᠪᠴᠠᠩ ᠤᠨ ᠡᠬᠢ ᠪᠠᠶᠠᠯᠢᠭ ᠢ ᠨᠡᠶᠢᠯᠡᠬᠦᠯᠵᠦ᠂ ᠣᠳᠣᠬᠢᠴᠢᠯᠠᠭᠰᠠᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠢ ᠲᠦᠰᠦᠪᠯᠡᠨ ᠪᠦᠲᠦᠭᠡᠨ ᠪᠠᠶᠢᠭᠤᠯᠵᠤ᠂ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠪᠦᠯᠦᠭᠵᠢᠯ ᠢ ᠲᠦᠯᠦᠪᠵᠢᠬᠦᠯᠦᠨ ᠪᠠᠶᠢᠭᠤᠯᠵᠤ᠂ ᠪᠦᠯᠦᠭᠯᠡᠯᠵᠢᠭᠰᠡᠨ ᠵᠠᠬ᠎ᠠ ᠳᠡᠯᠭᠡᠭᠦᠷᠴᠢᠯᠡᠭᠰᠡᠨ ᠶᠠᠪᠤᠭᠳᠠᠯ ᠢ ᠬᠡᠷᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠳᠠᠮᠵᠢ ᠲᠠᠰ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃        ᠨᠠᠷᠮᠠᠢ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠮᠠᠨᠵᠤᠤᠷ ᠬᠤᠲᠠ᠂ ᠵᠠᠯᠠᠶᠢᠨᠠᠭᠤᠷ ᠲᠤᠭᠤᠷᠢᠭ ᠤᠨ ︽ᠬᠢᠯᠢ ᠶᠢᠨ ᠪᠣᠭᠤᠮᠲᠠ + ᠳᠣᠲᠣᠷ ᠭᠠᠵᠠᠷ︾ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ︽ᠬᠢᠯᠢ ᠶᠢᠨ ᠪᠣᠭᠤᠮᠲᠠ + ᠳᠣᠲᠣᠷ ᠭᠠᠵᠠᠷ + ᠬᠦᠷᠢᠶᠡᠯᠡᠩ ᠲᠣᠭᠤᠷᠢᠭ + ᠠᠵᠤ ᠦᠢᠯᠡᠰ︾ ᠤᠨ ᠬᠤᠯᠪᠣᠭᠠᠯᠠᠨ ᠬᠥᠳᠡᠯᠦᠯᠴᠡᠵᠦ ᠬᠥᠭᠵᠢᠬᠦ ᠰᠢᠨ᠎ᠡ ᠲᠤᠭᠲᠠᠮᠵᠢ ᠶᠢ ᠪᠦᠷᠢᠯᠳᠦᠭᠦᠯᠦᠨ᠎ᠡ᠃ ᠭᠠᠳᠠᠭᠠᠳᠤ ᠠᠴᠠ ᠤᠷᠤᠭᠤᠯᠬᠤ ᠡᠬᠢ ᠪᠠᠶᠠᠯᠢᠭ ᠢ ᠨᠤᠲᠤᠭᠰᠢᠭᠤᠯᠤᠨ ᠡᠳ᠋ᠰᠢᠭᠦᠯᠬᠦ ᠠᠵᠤ ᠦᠢᠯᠡᠰ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠶᠢᠷᠢᠰᠢᠭᠤᠯᠵᠤ᠂ ᠮᠠᠨᠵᠤᠤᠷ ᠤᠨ ᠠᠮᠤ ᠲᠣᠰᠣ ᠬᠢᠮᠢ ᠶᠢᠨ ᠪᠣᠷᠳᠣᠭᠤᠷ ᠤᠨ ᠭᠠᠳᠠᠭᠠᠳᠤ ᠠᠴᠠ ᠤᠷᠤᠭᠤᠯᠬᠤ ᠡᠬᠢ ᠪᠠᠶᠠᠯᠢᠭ ᠢ ᠨᠤᠲᠤᠭᠰᠢᠭᠤᠯᠤᠨ ᠡᠳ᠋ᠰᠢᠭᠦᠯᠬᠦ ᠪᠠ ᠭᠠᠳᠠᠭᠠᠳᠤ ᠠᠴᠠ ᠤᠷᠤᠭᠤᠯᠬᠤ ᠰᠢᠩᠭᠡᠨ ᠪᠡᠶᠡᠲᠦ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠬᠥᠮᠥᠷᠭᠡᠯᠡᠨ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡᠨ ᠤ ᠦᠢᠯᠡᠰ ᠤᠨ ᠭᠠᠳᠠᠭᠠᠳᠤ ᠳᠤ ᠭᠠᠷᠭᠠᠬᠤ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠷᠠᠯᠵᠢᠶ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠠᠷᠠᠯᠵᠢᠶᠠᠯᠠᠬᠤ ᠬᠡᠪᠴᠢᠶ᠎ᠡ ᠪᠠ ᠲᠠᠸᠠᠷ ᠤᠨ ᠲᠥᠷᠥᠯ ᠵᠦᠢᠯ ᠢ ᠦᠷᠬᠦᠯᠵᠢᠯᠡᠨ ᠦᠷᠭᠡᠳᠬᠡᠵᠦ᠂ ᠹᠦ᠋ ᠹᠧᠩ᠂ ᠳ᠋ᠦ᠋ ᠴᠧᠩ᠂ ᠴᠢ ᠯᠦ ᠵᠡᠷᠭᠡ ᠭᠠᠳᠠᠭᠠᠳᠤ ᠠᠷᠠᠯᠵᠢᠶ᠎ᠠ ᠶᠢᠨ ᠬᠥᠲᠥᠴᠢ ᠠᠵᠤ ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠭᠠᠷ ᠳᠠᠮᠵᠢᠭᠰᠠᠨ ᠮᠠᠰᠢᠨ ᠲᠡᠷᠭᠡ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠥᠷᠭᠡᠳᠬᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠶᠢ 5% ᠳᠤ ᠬᠦᠷᠭᠡᠬᠦ ᠪᠠᠷ ᠴᠢᠷᠮᠠᠶᠢᠨ᠎ᠠ᠃       ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠠᠬᠢᠭᠤᠯᠤᠨ᠎ᠠ᠃ ᠤᠷᠤᠨ ᠤ ᠳᠤᠳᠤᠷᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠬᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠠᠬ᠎ᠠ ᠳᠡᠭᠦᠦ ᠠᠶᠢᠮᠠᠭ ᠬᠤᠲᠠ ᠯᠤᠭ᠎ᠠ ᠰᠠᠨᠠᠭᠠᠴᠢᠯᠠᠭ᠎ᠠ ᠠᠴᠠ ᠪᠠᠨ ᠵᠤᠯᠭᠠᠯᠴᠠᠵᠤ᠂ ᠬᠢᠩᠭᠠᠨ ᠠᠶᠢᠮᠠᠭ᠂ ᠦᠪᠦᠷ ᠮᠤᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠶᠢᠨ ᠬᠠᠮᠲᠤᠷᠠᠯᠴᠠᠭᠠᠨ ᠤ ᠰᠠᠨᠠᠮᠵᠢ ᠶᠢᠨ ᠵᠦᠢᠯᠡᠰ ᠢ ᠭᠦᠨᠵᠡᠭᠡᠶᠢᠷᠡᠬᠦᠯᠦᠨ ᠪᠣᠳᠠᠲᠠᠶᠢᠵᠢᠭᠤᠯᠵᠤ᠂ ︽ᠤᠯᠠᠭᠠᠨᠬᠤᠲᠠ ᠷᠠᠰᠢᠶᠠᠨ ᠵᠠᠯᠠᠨ ᠠᠶᠢᠯ ᠬᠠᠶᠢᠯᠠᠷ ᠮᠠᠨᠵᠤᠤᠷ︾ ᠤᠨ ᠵᠢᠭᠤᠯᠴᠢᠯᠠᠯ ᠤᠨ ᠨᠢᠭᠡ ᠴᠣᠭᠴᠠᠵᠢᠭᠰᠠᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠰᠦᠪᠡᠭᠴᠢᠯᠡᠵᠦ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠂ ᠠᠮᠢ ᠠᠬᠤᠶ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠶᠢ ᠠᠬᠢᠭᠤᠯᠵᠤ᠂ ᠬᠠᠮᠵᠢᠯᠴᠠᠨ ᠬᠦᠭᠵᠢᠬᠦ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠎ᠡ︔ ︽ᠬᠥᠬᠡᠬᠤᠲᠠ ᠪᠤᠭᠤᠲᠤ ᠤᠷᠳᠤᠰ︾ ᠵᠡᠷᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠤᠨ ᠳᠣᠲᠣᠭᠠᠳᠤ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ︽ᠳᠥᠷᠪᠡᠨ ᠵᠦᠢᠯ ᠤᠨ ᠠᠵᠢᠯᠯᠠᠭᠠᠨ︾ ᠢ ᠠᠬᠢᠭᠤᠯᠵᠤ᠂ ᠠᠵᠤ ᠦᠢᠯᠡᠰ ᠤᠨ ᠬᠠᠮᠵᠢᠯᠴᠠᠭᠠᠨ ᠤ ᠤᠷᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ︔ ︽ᠬᠠᠷᠠᠮᠥ᠋ᠷᠡᠨ ᠭᠢᠷᠢᠨ ᠯᠢᠶᠣᠤᠨᠢᠩ︾ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠦᠢᠯᠡᠳᠬᠦ ᠡᠳ᠋ᠰᠢᠭᠦᠯᠬᠦ ᠵᠡᠷᠭᠡ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠡᠭᠦᠨ ᠬᠤᠶᠢᠲᠤ ᠶᠢᠨ ᠨᠢᠭᠡ ᠴᠣᠭᠴᠠᠵᠢᠭᠰᠠᠨ ᠬᠥᠭᠵᠢᠯᠲᠡ ᠳᠤ ᠭᠦᠨᠵᠡᠭᠡᠶ ᠠᠭᠤᠰᠤᠯᠴᠠᠨ᠎ᠠ᠃ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠠᠭᠤᠷᠬᠠᠢ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠬᠢᠯᠢ ᠠᠯᠤᠰᠯᠠᠭᠰᠠᠨ ᠵᠤᠭᠠᠴᠠᠯ᠂ ᠲᠣᠨᠣᠭᠯᠠᠯ ᠦᠢᠯᠡᠳᠬᠦ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠤᠰ᠂ ᠮᠣᠩᠭᠤᠯ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ︔ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠵᠡᠷᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠨᠡᠭᠡᠭᠡᠬᠦ ᠶᠢ ᠵᠣᠷᠢᠭᠵᠢᠭᠤᠯᠤᠨ ᠳᠡᠮᠵᠢᠨ᠎ᠡ︔ ᠣᠷᠣᠰ ᠤᠨ ᠶᠠᠺᠦ᠋ᠼᠺ ᠬᠤᠲᠠ ᠯᠤᠭ᠎ᠠ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠤᠨ᠎ᠠ᠃ ᠡᠯ᠎ᠡ ᠲᠡᠰ ᠳᠠᠪᠬᠤᠷᠭ᠎ᠠ ᠡᠯ᠎ᠡ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠨᠢ ᠴᠥᠮ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠶᠢ ᠪᠤᠳᠠᠲᠠᠶᠢᠵᠢᠭᠤᠯᠵᠤ᠂ ᠲᠣᠭᠲᠠᠴᠠ ᠶᠢ ᠪᠦᠷᠢᠨᠰᠢᠬᠦᠯᠵᠤ᠂ ᠦᠨᠡᠨ ᠪᠣᠳᠠᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ