︵ᠲᠦᠷᠪᠡ︶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠳᠤᠮᠳᠠ ᠤᠷᠤᠯᠳᠤᠭᠠᠨ ᠤ ᠵᠠᠮ ᠨᠡᠭᠡᠭᠡᠨ᠎ᠡ᠃ ᠥᠭᠡᠷᠡᠴᠢᠯᠡᠯᠲᠡ ᠳᠤ ᠲᠦᠰᠢᠭᠯᠡᠨ ᠰᠡᠳᠦᠪ ᠡᠬᠢᠯᠡᠬᠦᠯᠬᠦ᠂ ᠰᠢᠨ᠎ᠡ ᠶᠢ ᠡᠭᠦᠳᠬᠦ ᠶᠢ ᠭᠦᠨᠵᠡᠭᠡᠶᠢᠷᠡᠬᠦᠯᠬᠦ ᠪᠠᠷ | ᠴᠢᠳᠠᠯ ᠬᠤᠷᠠᠮᠳᠤᠭᠤᠯᠬᠤ ᠶᠢ ᠪᠠᠷᠢᠮᠳᠠᠯᠠᠵᠤ᠂ ᠴᠢᠬᠤᠯᠠ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠠᠵᠠ ᠲᠣᠬᠢᠶᠠᠯ ᠢ ᠵᠠᠪᠳᠤᠨ᠂ ᠠᠮᠢᠵᠢᠷᠠᠯ ᠤᠨ ᠬᠦᠴᠦᠨ ᠢ ᠬᠦᠭᠵᠢᠭᠡᠨ᠎ᠡ᠃ | ᠭᠤᠤᠯᠳᠠᠯᠭ᠎ᠠ ᠲᠠᠢ ᠥᠭᠡᠷᠡᠴᠢᠯᠡᠯᠲᠡ ᠶᠢ ᠬᠦᠴᠦᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ 20 ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠡᠬᠢᠯᠡᠭᠦᠯᠦᠨ | ᠠᠵᠢᠯᠯᠠᠭᠤᠯᠵᠤ᠂ 30 ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠭᠠᠴᠠᠭ᠎ᠠ ᠲᠣᠰᠬᠤᠨ ᠤ ᠲᠤᠷᠰᠢᠯᠲᠠ ᠶᠢᠨ ᠴᠡᠭ ᠢ ᠤᠷᠢᠳᠠᠪᠠᠷ ᠥᠷᠨᠢᠭᠦᠯᠵᠦ᠂ 4 | ᠮᠠᠯᠵᠢᠬᠤ ᠣᠷᠣᠨ ᠤ ᠮᠠᠯ ᠠᠵᠤ ᠠᠬᠤᠢ ᠶᠢᠨ ᠣᠳᠣᠬᠢᠴᠢᠯᠠᠭᠰᠠᠨ ᠳᠠᠭᠠᠭᠤᠯᠤᠭᠴᠢ ᠶᠢᠨ ᠲᠤᠷᠰᠢᠯᠲᠠ ᠶᠢᠨ ᠴᠡᠭ ᠢ ᠳᠡᠯᠭᠡᠷᠡᠭᠦᠯᠦᠨ᠂ ᠬᠤᠲᠠ ᠶᠢᠨ ᠲᠣᠰ ᠱᠠᠲᠤᠨ ᠤ | ᠲᠦᠪᠯᠡᠷᠡᠬᠦᠯᠦᠨ ᠬᠤᠳᠠᠯᠳᠤᠨ ᠠᠪᠴᠤ ᠲᠦᠪᠯᠡᠷᠡᠬᠦᠯᠦᠨ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ 1 ᠲᠦᠮᠡᠨ ᠲᠣᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 130 ᠲᠦᠮᠡᠨ ᠮᠦ ᠠᠴᠠ ᠳᠡᠭᠡᠭᠰᠢ ᠪᠡᠶᠡᠯᠡᠭᠦᠯᠵᠦ᠂ 150 ᠭᠠᠴᠠᠭ᠎ᠠ | ᠲᠣᠰᠬᠤᠨ ᠢ ᠳᠠᠶᠢᠴᠢᠯᠠᠨ ᠳᠠᠭᠠᠭᠤᠯᠤᠨ᠎ᠠ᠃ ᠣᠶ ᠰᠢᠭᠤᠶ ᠶᠢᠨ ᠦᠢᠯᠡᠰ ᠤᠨ ᠣᠷᠣᠨ ᠨᠤᠲᠤᠭ ᠤᠨ ᠵᠢᠷᠭᠤᠭᠠᠨ ᠲᠣᠪᠴᠢᠶ᠎ᠠ ᠪᠠ ᠤᠯᠤᠰ ᠤᠨ ᠥᠮᠴᠢᠯᠡᠯᠲᠦ | ᠬᠠᠭᠠᠯᠪᠤᠷᠢᠯᠠᠯᠲᠠ ᠶᠢᠨ ᠣᠷᠣᠨ ᠤ ᠥᠭᠡᠷᠡᠴᠢᠯᠡᠯᠲᠡ ᠶᠢ ᠲᠦᠷᠭᠡᠳᠬᠡᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦᠨ ᠤ ᠬᠦᠲᠦᠯᠦᠨ ᠵᠢᠯᠣᠭᠤᠳᠬᠤ᠂ ᠲᠣᠬᠢᠷᠠᠭᠤᠯᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠲᠠ ᠶᠢᠨ | ᠨᠢᠭᠡᠳᠦᠯᠲᠡᠢ ᠲᠦᠯᠦᠪᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠬᠤᠲᠠ ᠶᠢᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠠᠪᠴᠠᠩ ᠤᠨ ᠪᠠᠶᠢᠭᠤᠯᠤᠯᠳᠠ ᠶᠢ ᠡᠬᠢᠯᠡᠭᠦᠯᠵᠦ᠂ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠦᠯ ᠵᠦᠢᠯ ᠢ ᠲᠤᠬᠢᠷᠠᠭᠤᠯᠤᠨ | ᠠᠵᠢᠯᠯᠠᠭᠤᠯᠬᠤ ᠶᠢ ᠥᠷᠨᠢᠭᠦᠯᠵᠦ᠂ ᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ 7% ᠠᠴᠠ ᠳᠡᠭᠡᠭᠰᠢ ᠬᠠᠰᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠬᠦᠯᠵᠢᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ 30 ᠲᠥᠷᠥᠯ ᠵᠦᠢᠯ ᠢ ᠲᠦᠰᠦᠪᠯᠡᠨ | ᠬᠡᠷᠡᠭᠵᠢᠭᠦᠯᠵᠦ᠂ ᠬᠤᠲᠠ ᠶᠢᠨ ᠲᠠᠰ ᠵᠢᠴᠢ ᠲᠡᠭᠦᠨ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ 3 ᠠᠴᠠ 5 ᠡᠷᠦᠬᠡ ᠪᠠᠶᠢᠭᠤᠯᠤᠨ᠎ᠠ᠃ | ︽ᠮᠧᠩ ᠺᠧ ᠵᠢᠦᠢ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠲᠤᠭᠲᠠᠯᠴᠠᠭ᠎ᠠ ᠪᠠ ᠳᠡᠯᠭᠡᠷᠡᠭᠦᠯᠦᠨ ᠬᠡᠷᠡᠭᠯᠡᠬᠦ ᠲᠤᠭᠲᠠᠴᠠ ᠶᠢ ᠲᠡᠭᠦᠯᠳᠡᠷᠵᠢᠬᠦᠯᠦᠨ᠎ᠡ᠃ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠂ ︽ᠤᠮᠠᠷᠠᠲᠤ ᠠᠽᠢᠶ᠎ᠠ ᠶᠢᠨ ᠲᠣᠰᠣᠨ ᠬᠥᠨᠳᠡᠶ︾ ᠬᠥᠭᠦᠷᠭᠡᠨ ᠪᠠᠬᠢᠯᠡᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ | ᠪᠠᠶᠢᠷᠢ ᠰᠠᠭᠤᠷᠢ ᠶᠢ ᠳᠣᠪᠤᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠱᠠᠲᠤᠯᠢᠭ ᠪᠤᠶᠢᠵᠢᠭᠤᠯᠬᠤ ᠲᠤᠭᠲᠠᠯᠴᠠᠭ᠎ᠠ ᠶᠢ ᠪᠦᠷᠢᠨᠰᠢᠭᠦᠯᠦᠨ᠎ᠡ᠃ | ᠳᠠᠭᠠᠭᠤᠯᠤᠭᠴᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ ᠤᠷᠤᠶᠢᠯᠠᠭᠴᠢ ᠴᠢᠳᠠᠪᠤᠷᠢᠲᠠᠨ᠂ ᠳᠠᠭᠠᠭᠤᠯᠤᠭᠴᠢ ᠠᠵᠤ ᠠᠬᠤᠶᠢᠯᠠᠯ᠂ | ᠰᠢᠨ᠎ᠡ ᠶᠢ ᠡᠭᠦᠳᠬᠦ ᠪᠦᠯᠬᠦᠮ ᠨᠡᠶᠢᠲᠡ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠡᠯᠧᠮᠧᠨ᠋ᠲ ᠢ ᠲᠦᠷᠭᠡᠨ ᠬᠤᠷᠠᠵᠤ ᠴᠤᠭᠯᠠᠷᠠᠭᠤᠯᠤᠨ᠎ᠠ᠃ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠬᠡᠲᠦ | ᠮᠠᠯᠵᠢᠬᠤ ᠶᠢ ᠰᠢᠢᠳᠪᠦᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠮᠥᠰᠥ ᠴᠠᠰᠤᠨ ᠤ ᠠᠵᠤ ᠠᠬᠤᠶ ᠶᠢ ᠬᠥᠭᠵᠢᠭᠦᠯᠬᠦ ᠵᠡᠷᠭᠡ | ᠬᠦᠷᠢᠶ᠎ᠡ ᠴᠠᠷᠠᠭᠠᠨ ᠳᠠᠬᠢ ᠰᠠᠭᠤᠷᠢ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ | ᠪᠦᠬᠦ ᠬᠦᠷᠢᠶ᠎ᠡ ᠴᠠᠷᠠᠭ᠎ᠠ ᠪᠦᠬᠦ ᠡᠯᠧᠮᠧᠨ᠋ᠲ ᠤᠨ ᠡᠬᠢ ᠪᠠᠶᠠᠯᠢᠭ ᠤᠨ ᠵᠢᠭᠰᠠᠭᠠᠨ ᠪᠠᠶᠢᠴᠠᠭᠠᠯᠲᠠ ᠶᠢ ᠭᠦᠨᠵᠡᠭᠡᠢ ᠠᠬᠢᠭᠤᠯᠤᠨ᠎ᠠ᠃ ᠡᠬᠢ ᠪᠠᠶᠠᠯᠢᠭ ᠤᠨ | ᠬᠠᠮᠢᠶᠠᠷᠤᠯᠲᠠ ᠶᠢᠨ ᠨᠠᠷᠢᠯᠢᠭ ᠪᠤᠳᠤᠬᠤ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ᠂ ᠤᠰᠤᠨ ᠭᠠᠳᠠᠷᠭᠤ᠂ | ᠠᠭᠤᠷᠬᠠᠶ ᠶᠢᠨ ᠭᠠᠷᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠠᠵᠤ ᠦᠢᠯᠡᠰ ᠬᠤᠪᠢᠶᠠᠨ᠂ ᠲᠦᠷᠦᠯ ᠢᠯᠭᠠᠯ | ᠬᠤᠪᠢᠶᠠᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠰᠢᠰᠲ᠋ᠧᠮ ᠲᠠᠢ ᠡᠮᠬᠢᠯᠡᠵᠦ᠂ ᠨᠢᠭᠡ ᠪᠦᠯᠦᠭ ᠰᠤᠯᠠ ᠪᠠᠶᠢᠭ᠎ᠠ ᠡᠬᠢ ᠪᠠᠶᠠᠯᠢᠭ ᠡᠳ᠋ ᠬᠥᠷᠥᠩᠭᠡ ᠶᠢ ᠪᠦᠲᠦᠮᠵᠢᠲᠡᠶ | ᠭᠦᠢᠯᠭᠡᠭᠡᠨ ᠲᠠᠢ ᠪᠤᠯᠭᠠᠵᠤ᠂ ᠡᠬᠢ ᠪᠠᠶᠠᠯᠢᠭ ᠡᠳ᠋ ᠬᠥᠷᠥᠩᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠲᠥᠷᠥᠯ ᠵᠦᠢᠯ ᠢ | ᠤᠨᠤᠴᠠᠲᠠᠢ ᠪᠥᠭᠡᠳ ᠥᠨᠳᠥᠷ ᠪᠦᠲᠦᠮᠵᠢᠲᠡᠶ ᠨᠤᠲᠤᠭᠰᠢᠭᠤᠯᠬᠤ ᠳᠤ ᠡᠯᠧᠮᠧᠨ᠋ᠲ ᠤᠨ ᠪᠠᠲᠤᠯᠠᠭ᠎ᠠ ᠬᠠᠩᠭᠠᠨ᠎ᠠ᠃ ︽ᠠᠯᠬᠤᠮ ᠬᠤᠪᠢᠶᠠᠨ ᠬᠡᠷᠡᠭᠵᠢᠭᠦᠯᠬᠦ᠂ | ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ︾ ᠵᠠᠷᠴᠢᠮ ᠢ ᠪᠠᠷᠢᠮᠲᠠᠯᠠᠨ᠂ ᠬᠦᠴᠦ ᠪᠠᠨ ᠲᠥᠪᠯᠡᠷᠡᠭᠦᠯᠦᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠡᠨᠧᠷᠭᠢ | ᠵᠡᠷᠭᠡ ᠬᠦᠷᠢᠶ᠎ᠡ ᠴᠠᠷᠠᠭᠠᠨ ᠤ ᠵᠢᠭᠰᠠᠭᠠᠨ ᠪᠠᠶᠢᠴᠠᠭᠠᠬᠤ ᠦᠷ᠎ᠡ ᠪᠦᠲᠦᠭᠡᠯ ᠢ ᠲᠦᠷᠭᠡᠬᠡᠨ ᠪᠦᠷᠢᠯᠳᠦᠬᠦᠯᠬᠦ ᠶᠢ ᠠᠬᠢᠭᠤᠯᠵᠤ᠂ ᠶᠡᠷᠦᠩᠭᠡᠶᠢᠯᠡᠭᠰᠡᠨ ᠴᠢᠨᠠᠷᠲᠠᠢ | ᠵᠠᠳᠠᠯᠤᠯᠲᠠ ᠶᠢᠨ ᠮᠡᠳᠡᠭᠦᠯᠦᠯᠲᠡ ᠶᠢ ᠡᠮᠬᠢᠯᠡᠨ ᠪᠡᠶᠡᠯᠡᠬᠦᠯᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠤᠨ ᠬᠥᠮᠥᠷᠭᠡ ᠪᠠᠶᠢᠭᠤᠯᠬᠤ ᠵᠡᠷᠭᠡ | ᠵᠠᠯᠭᠠᠮᠵᠢ ᠠᠵᠢᠯ ᠳᠤ ᠰᠠᠭᠤᠷᠢ ᠲᠠᠯᠪᠢᠵᠤ ᠦᠭᠭᠦᠨ᠎ᠡ᠃ | ︵ᠲᠠᠪᠤ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠳᠤᠮᠳᠠ ᠵᠣᠬᠢᠴᠠᠯᠳᠤᠨ ᠬᠤᠯᠪᠣᠭᠠᠯᠠᠨ ᠬᠥᠳᠡᠯᠦᠯᠴᠡᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠦᠯᠦᠪᠯᠡᠬᠦ ᠶᠢ ᠪᠠᠷᠢᠮᠲᠠᠯᠠᠵᠤ᠂ ᠤᠶᠠᠨ ᠬᠠᠲᠠᠨ ᠴᠢᠨᠠᠷᠲᠠᠶ ᠠᠮᠤᠷ ᠲᠦᠪᠰᠢᠨᠲᠦ ᠠᠷᠠᠳ ᠤᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠶ ᠡᠶᠡᠯᠳᠡᠭ ᠳᠤᠲᠤᠨᠤ ᠬᠥᠳᠡᠭᠡ | ᠲᠣᠰᠬᠤᠨ ᠢ ᠴᠤᠭᠴᠠᠯᠠᠨ ᠪᠠᠶᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠵᠣᠬᠢᠴᠠᠩᠭᠤᠶ ᠬᠥᠭᠵᠢᠬᠦ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠠᠭᠤᠰᠤᠯᠴᠠᠨ ᠬᠦᠭᠵᠢᠬᠦ ᠶᠢ ᠨᠢᠭᠡᠳᠦᠯᠳᠡᠢ ᠲᠦᠯᠦᠪᠯᠡᠨ᠎ᠡ᠃ ᠬᠤᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠬᠦᠯᠵᠦ᠂ | 10.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 42 ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠷᠦᠯ ᠵᠦᠢᠯ ᠢ ᠬᠡᠷᠡᠭᠵᠢᠬᠦᠯᠦᠨ᠎ᠡ᠃ | ᠬᠤᠲᠠ ᠶᠢᠨ ᠠᠮᠢ ᠨᠠᠰᠤᠨ ᠤ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ᠂ | ᠰᠢᠲᠠᠮᠠᠬᠠᠢ ᠬᠡᠢ ᠵᠡᠷᠭᠡ ᠳᠦᠷᠪᠡᠨ ᠲᠦᠷᠦᠯ ᠤᠨ ᠭᠠᠵᠠᠷ ᠳᠣᠣᠷᠠᠬᠢ ᠬᠠᠭᠤᠴᠢᠨ ᠬᠤᠭᠤᠯᠠᠢ ᠲᠣᠣᠷ ᠢ 61 ᠺᠢᠯᠤᠮᠧᠲᠷ ᠰᠢᠨᠡᠳᠬᠡᠨ ᠪᠠᠶᠢᠭᠤᠯᠬᠤ ᠶᠢ ᠬᠡᠷᠡᠭᠵᠢᠬᠦᠯᠦᠨ᠎ᠡ︔ | ᠬᠤᠲᠠ ᠶᠢᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠬᠦᠯᠬᠦ ᠢᠨᠵᠧᠨᠧᠷᠢᠩ ᠢ ᠦᠷᠨᠢᠬᠦᠯᠵᠦ᠂ ᠬᠤᠲᠠ ᠪᠠᠯᠭᠠᠰᠤᠨ ᠤ ᠤᠰᠤᠨ ᠤ ᠴᠢᠨᠠᠷ ᠤᠨ ᠰᠢᠯᠭᠠᠨ | ᠪᠠᠶᠢᠴᠠᠭᠠᠯᠲᠠ ᠶᠢ ᠦᠷᠬᠦᠯᠵᠢᠯᠡᠨ ᠦᠷᠨᠢᠬᠦᠯᠵᠦ᠂ ᠤᠰᠤᠨ ᠰᠤᠷᠪᠤᠯᠵᠢ᠂ ᠤᠰᠤᠨ ᠤ ᠦᠢᠯᠡᠳᠪᠦᠷᠢ᠂ ᠬᠤᠭᠤᠯᠠᠢ ᠲᠤᠤᠷ ᠵᠡᠷᠭᠡ ᠤᠰᠤ ᠬᠠᠩᠭᠠᠬᠤ | ᠲᠦᠬᠦᠭᠡᠷᠦᠮᠵᠢ ᠶᠢ ᠰᠢᠨᠡᠳᠬᠡᠨ ᠲᠡᠭᠦᠯᠳᠡᠷᠵᠢᠬᠦᠯᠵᠦ᠂ ᠤᠯᠠᠨ ᠲᠦᠮᠡᠨ ᠤ ᠠᠮᠤᠷ ᠲᠦᠪᠰᠢᠨ᠂ ᠰᠠᠨᠠᠭ᠎ᠠ ᠠᠮᠤᠷ᠂ ᠴᠡᠪᠡᠷ ᠰᠠᠶᠢᠨ ᠤᠰᠤ ᠤᠤᠭᠤᠬᠤ ᠶᠢ ᠪᠠᠲᠤᠯᠠᠨ᠎ᠠ︔ | ᠳᠤᠯᠠᠭᠠᠯᠠᠭ᠎ᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠤᠶᠤᠨᠴᠢ ᠢᠯᠴᠢ ᠬᠠᠩᠭᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠬᠤᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠷᠠᠳ ᠣᠯᠠᠨ ᠤ ᠳᠡᠷᠭᠡᠳᠡᠬᠢ ᠪᠠᠴᠢᠮ ᠬᠦᠴᠢᠷ ᠵᠤᠪᠠᠯ ᠬᠦᠰᠡᠯ ᠤᠨ ᠠᠰᠠᠭᠤᠳᠠᠯ ᠢ ᠴᠢᠩᠭ᠎ᠠ ᠠᠩᠬᠠᠷᠴᠤ᠂ | ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠡᠪᠦᠯ ᠤᠨ ᠤᠯᠠᠷᠢᠯ ᠤᠨ ᠴᠠᠰᠤ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠨ᠎ᠠ︔ ᠬᠤᠲᠠ ᠶᠢᠨ ᠲᠡᠷᠭᠡᠨ ᠵᠣᠭᠰᠣᠭᠠᠯ ᠢ 300᠂ ᠬᠤᠲᠠ ᠬᠦᠳᠡᠭᠡ ᠶᠢᠨ ᠴᠠᠬᠢᠯᠭᠠᠨ ᠴᠡᠨᠡᠭᠯᠡᠬᠦ ᠱᠣᠩ ᠢ 200 ᠰᠢᠨ᠎ᠡ ᠪᠠᠷ ᠨᠡᠮᠡᠭᠳᠡᠭᠦᠯᠦᠨ᠎ᠡ︔ | ᠠᠳᠠᠯ ᠠᠬᠤᠢ ᠶᠢᠨ ᠬᠠᠮᠢᠶᠠᠷᠤᠯᠲᠠ ᠶᠢᠨ ᠴᠢᠨᠠᠷ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠠᠯ᠎ᠠ ᠶᠢᠨ ᠣᠷᠣᠯᠴᠠᠭᠰᠠᠨ ᠠᠳᠠᠯ ᠠᠬᠤᠢ ᠶᠢᠨ ᠠᠵᠤ ᠠᠬᠤᠶᠢᠯᠠᠯ ᠤᠨ | ᠦᠨᠡᠯᠡᠯᠲᠡ ᠶᠢᠨ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢ ᠵᠢᠯ ᠤᠨ ᠳᠤᠳᠤᠷ᠎ᠠ ᠪᠦᠷᠢᠨ ᠪᠦᠷᠬᠦᠭᠦᠯᠬᠦ ᠶᠢ | ᠪᠡᠶᠡᠯᠡᠭᠦᠯᠦᠨ᠎ᠡ᠃ ᠣᠷᠣᠨ ᠰᠠᠭᠤᠴᠠ ᠶᠢᠨ ᠬᠠᠩᠭᠠᠯᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ 53 ᠬᠠᠭᠤᠴᠢᠨ ᠰᠠᠭᠤᠭᠠᠯᠢ | ᠲᠣᠭᠤᠷᠢᠭ᠂ 5886 ᠡᠷᠦᠬᠡ ᠶᠢ ᠥᠭᠡᠷᠡᠴᠢᠯᠡᠨ ᠰᠢᠨᠡᠳᠬᠡᠵᠦ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 228 ᠢᠵᠢ ᠰᠢᠨᠡᠳᠬᠡᠨ | ᠪᠠᠶᠢᠭᠤᠯᠬᠤ ᠶᠢ ᠬᠡᠷᠡᠭᠵᠢᠬᠦᠯᠵᠦ᠂ 3909 ᠡᠷᠦᠬᠡ ᠳᠤ ᠨᠡᠶᠢᠲᠡ ᠶᠢᠨ ᠲᠦᠷᠢᠶᠡᠰᠦᠨ ᠭᠡᠷ ᠲᠦᠷᠢᠶᠡᠰᠦᠯᠡᠬᠦ ᠨᠥᠬᠦᠪᠥᠷᠢ ᠤᠯᠭᠤᠨ᠎ᠠ︔ ᠡᠷᠭᠦᠨ᠎ᠡ ᠬᠤᠲᠠ᠂ ᠡᠸᠡᠩᠬᠢ | ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ᠂ ᠵᠠᠯᠠᠶᠢᠨᠠᠭᠤᠷ ᠲᠣᠭᠤᠷᠢᠭ ᠵᠡᠷᠭᠡ ᠭᠠᠵᠠᠷ ᠤᠨ ᠬᠤᠲᠠ ᠶᠢᠨ ᠳᠤᠮᠳᠠᠬᠢ ᠲᠣᠰᠬᠤᠨ ᠤ ᠪᠠᠶᠢᠰᠢᠩ ᠭᠡᠷ | ᠲᠣᠭᠤᠷᠢᠭ ᠤᠨ ᠰᠢᠨᠡᠳᠬᠡᠯᠲᠡ ᠶᠢ ᠲᠦᠷᠭᠡᠳᠬᠡᠵᠦ᠂ ᠬᠤᠲᠠ ᠪᠠᠯᠭᠠᠰᠤ ᠶᠢᠨ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠨᠡᠨᠬᠦ | ᠰᠠᠶᠢᠵᠢᠷᠠᠭᠤᠯᠤᠨ᠎ᠠ︔ 30.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ | 24 ᠰᠢᠨ᠎ᠡ ᠪᠠᠷ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠡᠯ᠎ᠡ ᠲᠥᠷᠥᠯ ᠤᠨ | ᠵᠣᠯᠭᠠᠭᠤᠯᠬᠤ ᠪᠡᠯᠡ ᠮᠥᠩᠭᠦ ᠶᠢ 11.94 ᠳ᠋ᠦᠩᠰᠢᠭᠤᠷ ᠲᠥᠭᠦᠷᠢᠭ ᠣᠷᠣᠭᠤᠯᠵᠤ᠂ 75 ᠲᠥᠷᠥᠯ ᠵᠦᠢᠯ ᠢ ᠬᠡᠷᠡᠭᠵᠢᠬᠦᠯᠦᠨ᠎ᠡ᠃ ︽ᠮᠢᠩᠭᠠᠨ ᠰᠢᠶᠠᠩ ᠲᠦᠮᠡᠨ | ᠲᠣᠰᠬᠤᠨ ᠤ ᠰᠠᠯᠬᠢ ᠶᠢ ᠡᠷᠬᠡᠰᠢᠶᠡᠬᠦ ᠠᠵᠢᠯᠯᠠᠭᠠᠨ︾ ᠢ ᠲᠦᠷᠭᠡᠳᠬᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭᠠᠨ ᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ | 1687 ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠪᠦᠷᠬᠦᠯᠲᠡ ᠶᠢᠨ ᠨᠣᠷᠮ᠎ᠠ ᠶᠢ 88% ᠳᠤ ᠬᠦᠷᠭᠡᠨ᠎ᠡ᠃ |