ᠡᠮᠴᠢᠯᠡᠭᠡᠨ ᠤ ᠲᠦᠭᠡᠮᠡᠯ ᠬᠠᠷᠠᠭᠠᠯᠵᠠᠯ ᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠦᠨ᠎ᠡ᠃ ︽ᠰᠢᠶᠠᠨ ᠤ ᠱᠠᠲᠤ ᠬᠦᠴᠦᠷᠬᠡᠭ᠂ ᠰᠢᠶᠠᠩ ᠤᠨ ᠱᠠᠲᠤ | ᠠᠮᠢᠳᠤᠯᠢᠭ᠂ ᠲᠣᠰᠬᠤᠨ ᠤ ᠱᠠᠲᠤ ᠲᠣᠭᠲᠠᠭᠤᠨ᠂ ᠳᠡᠭᠡᠳᠦ ᠳᠣᠣᠷᠠᠳᠤ ᠱᠠᠲᠤ ᠬᠤᠯᠪᠣᠭᠠᠯᠠᠬᠤ᠂ ᠮᠡᠳᠡᠭᠡ ᠵᠠᠩᠭᠢ ᠨᠡᠪᠲᠡᠷᠬᠡᠢ︾ ᠪᠠᠷ ᠬᠠᠷᠠᠯᠲᠠ ᠪᠣᠯᠭᠠᠨ᠂ | ᠲᠠᠷᠢᠶᠠᠯᠠᠩ ᠮᠠᠯ ᠠᠵᠤ ᠠᠬᠤᠶ ᠣᠶ ᠰᠢᠭᠤᠶ ᠳᠤ ᠬᠤᠯᠪᠤᠭᠳᠠᠬᠤ 11 ᠬᠤᠰᠢᠭᠤ ᠬᠤᠲᠠ ᠳᠤ ᠨᠢᠭᠲᠠ ᠮᠠᠶ᠋ᠢᠭ ᠤᠨ ᠰᠢᠶᠠᠨ ᠤ ᠬᠡᠪᠴᠢᠶ᠎ᠡ ᠶᠢᠨ ᠡᠮᠴᠢᠯᠡᠭᠡᠨ ᠤ ᠬᠠᠮᠲᠤ | ᠴᠣᠭᠴᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠰᠠᠭᠤᠷᠢᠨ | ᠭᠠᠵᠠᠷ᠂ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ︽ᠡᠮᠨᠡᠬᠦ ᠰᠡᠷᠭᠡᠶᠢᠯᠡᠬᠦ ᠬᠠᠮᠵᠢᠯᠴᠠᠭ᠎ᠠ︾ ᠶᠢ ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ | ᠠᠷᠭᠠᠴᠠᠨ ᠵᠢᠯᠣᠭᠤᠳᠬᠤ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷ | ᠪᠦᠯᠢ ᠶᠢᠨ ᠡᠮᠴᠢ ᠶᠢᠨ ᠬᠡᠯᠡᠯᠴᠡᠭᠡᠷ ᠲᠣᠭᠲᠠᠬᠤ ᠦᠢᠯᠡᠴᠢᠯᠡᠭᠡ ᠶᠢ ᠴᠢᠩᠭᠠᠳᠬᠠᠵᠤ᠂ ᠪᠠᠶᠢᠩᠭᠤ ᠰᠠᠭᠤᠭ᠎ᠠ ᠬᠥᠮᠦᠨ ᠠᠮᠠ ᠪᠣᠯᠤᠨ ᠭᠤᠤᠯᠳᠠᠯᠭ᠎ᠠ ᠲᠠᠢ ᠬᠥᠮᠦᠰ ᠤᠨ | ᠬᠡᠯᠡᠯᠴᠡᠭᠡᠷ ᠲᠣᠭᠲᠠᠭᠰᠠᠨ ᠨᠣᠷᠮ᠎ᠠ ᠶᠢ ᠲᠣᠰ ᠲᠣᠰ 56% ᠪᠠ 81% ᠳᠤ ᠬᠦᠷᠭᠡᠨ᠎ᠡ᠃ ᠦᠷᠡᠵᠢᠯ ᠤᠨ ᠳᠡᠮᠵᠢᠯᠭᠡ ᠶᠢᠨ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠮᠢᠩᠭᠠᠨ ᠬᠥᠮᠦᠨ ᠠᠮᠠ ᠪᠦᠷᠢ ᠳᠤ 4.5 ᠰᠠᠭᠠᠲᠠᠭᠤᠯᠬᠤ ᠣᠷᠣᠨ ᠲᠤᠭ᠎ᠠ ᠶᠢ ᠪᠡᠶᠡᠯᠡᠬᠦᠯᠦᠨ᠎ᠡ᠃ ᠡᠷᠡᠭᠦᠯ ᠡᠩᠬᠡ ᠬᠥᠯᠥᠨ | ᠪᠤᠶᠢᠷ ᠤᠨ ᠠᠵᠢᠯᠯᠠᠭᠠᠨ ᠢ ᠪᠠᠲᠤᠲᠠᠢ ᠠᠬᠢᠭᠤᠯᠵᠤ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ ᠳᠤ ᠪᠥᠬᠦ ᠲᠠᠯ᠎ᠠ ᠪᠠᠷ ᠠᠭᠤᠰᠤᠯᠴᠠᠬᠤ | ᠪᠠ ᠦᠢᠯᠡᠴᠢᠯᠡᠬᠦ︾ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ︽ᠠᠭᠤᠰᠤᠯᠴᠠᠯ ᠤᠨ ᠵᠠᠮ︾ ᠭᠤᠷᠪᠠᠨ ᠲᠥᠷᠥᠯ ᠲᠡᠮᠳᠡᠭ ᠲᠤ ᠠᠩᠬᠠᠷᠤᠯ ᠢᠶᠠᠨ | ᠲᠦᠪᠯᠡᠷᠡᠬᠦᠯᠵᠦ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠳᠠᠮᠵᠢᠵᠤ᠂ ᠨᠠᠩ ᠣᠯᠠᠨ ᠰᠣᠳᠣᠨ ᠵᠦᠴᠦᠭᠡ᠂ ᠰᠢᠯᠢᠳᠡᠭ ᠪᠦᠲᠦᠭᠡᠯ ᠭᠠᠷᠭᠠᠵᠤ᠂ ︽ | ᠰᠤᠷᠭᠠᠭᠤᠯᠢ ᠪᠦᠯᠬᠦᠮ + ᠺᠣᠮᠫᠠᠨᠢ︾ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠵᠡᠷᠭᠡ ᠵᠠᠭᠪᠤᠷ ᠢ ᠶᠡᠭᠡ ᠪᠠᠷ ᠳᠡᠯᠭᠡᠷᠡᠬᠦᠯᠵᠦ᠂ ᠤᠯᠤᠰ ᠤᠨ ᠦᠮᠴᠢᠯᠡᠯᠲᠤ | ᠤᠳᠬ᠎ᠠ ᠤᠷᠠᠯᠢᠭ ᠤᠨ ᠰᠤᠷᠭᠠᠭᠤᠯᠢ ᠪᠦᠯᠬᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠬᠡᠷᠡᠭᠯᠡᠬᠦ ᠶᠢ | ᠳᠡᠮᠵᠢᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠲᠤᠭᠲᠠᠯᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ ᠰᠣᠶᠣᠯ ᠤᠨ ᠥᠪ ᠢ ᠬᠠᠮᠠᠭᠠᠯᠠᠬᠤ ᠪᠠ | ᠤᠯᠠᠮᠵᠢᠯᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠤᠷᠢᠳᠠᠴᠢ ᠬᠢᠨᠠᠨ ᠪᠠᠶᠢᠴᠠᠭᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠥᠷᠭᠡᠳᠬᠡᠵᠦ᠂ ︽ᠠᠭᠤᠰᠤᠯᠴᠠᠯ ᠤᠨ ᠵᠠᠮ︾ ᠰᠤᠶᠤᠯ ᠵᠢᠭᠤᠯᠴᠢᠯᠠᠯ ᠤᠨ ᠲᠦᠷᠦᠯ ᠲᠡᠮᠳᠡᠭ ᠢ ᠪᠤᠢ ᠪᠤᠯᠭᠠᠵᠤ᠂ ︽ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠭᠤᠤᠯ ᠰᠡᠳᠦᠪᠲᠤ ᠳᠡᠯᠭᠡᠨ ᠦᠵᠡᠬᠦᠯᠬᠦ ᠲᠢᠩᠭᠢᠮ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠠᠭᠤᠳᠠᠮ ᠲᠠᠯᠠᠪᠠᠢ ᠶᠢ ᠨᠢᠭᠡᠳᠦᠯᠳᠡᠢ ᠲᠦᠯᠦᠪᠯᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ᠂ ᠣᠨᠣᠯ ᠤᠨ ᠰᠤᠳᠤᠯᠭᠠᠨ ᠤ ᠰᠠᠭᠤᠷᠢᠨ ᠭᠠᠵᠠᠷ ᠪᠠ | ᠰᠤᠳᠤᠯᠭᠠᠨ ᠤ ᠲᠥᠪ ᠤᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ︽ᠭᠤᠷᠪᠠᠨ ᠲᠥᠯᠥᠪᠯᠡᠭᠡ︾ ᠶᠢ ᠠᠬᠢᠭᠤᠯᠵᠤ᠂ ᠬᠥᠯᠥᠨ ᠪᠤᠶᠢᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ | ᠶᠠᠷᠢᠨ᠎ᠠ᠃ | ︵ᠨᠠᠢᠮᠠ︶ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠲᠦᠮᠵᠢᠲᠡᠢ ᠬᠠᠮᠠᠭᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤᠮᠳᠠ ᠬᠥᠭᠵᠢᠯᠲᠡ ᠳᠤ | ᠬᠠᠮᠠᠭᠠᠯᠠᠯ ᠪᠤᠯᠤᠨ᠎ᠠ᠃ ᠬᠢᠵᠠᠭᠠᠷ ᠱᠤᠭᠤᠮ ᠤᠨ ᠰᠡᠳᠬᠢᠬᠦᠶ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ | ᠰᠠᠶᠢᠲᠤᠷ ᠨᠢᠭᠡᠳᠦᠯᠲᠡᠶ ᠲᠦᠯᠦᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠠᠮᠤᠷ ᠠᠮᠤᠭᠤᠯᠠᠩ | ᠬᠥᠯᠥᠨ ᠪᠤᠶᠢᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠵᠠᠭᠠᠯᠳᠤᠯᠭ᠎ᠠ ᠶᠢᠨ ᠡᠬᠢ᠂ ᠴᠠᠭᠳᠠᠭᠠᠨ ᠤ ᠡᠬᠢ᠂ ᠰᠤᠷᠪᠤᠯᠵᠢᠯᠠᠯ ᠤᠨ ᠡᠬᠢ ᠭᠤᠷᠪᠠᠨ ᠡᠬᠢ ᠶᠢ ᠬᠠᠮᠲᠤ ᠪᠠᠷ ᠵᠠᠰᠠᠬᠤ ᠶᠢ ᠴᠢᠩᠭᠠᠳᠬᠠᠵᠤ᠂ | ᠳᠥᠷᠪᠡᠨ ᠱᠠᠲᠤᠨ ᠤ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠢ | ᠬᠠᠮᠠᠭᠠᠯᠠᠬᠤ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠡᠷᠭᠡᠶᠢᠯᠡᠨ | ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠲᠤᠤᠷ ᠰᠦᠯᠵᠢᠶ᠎ᠡ ᠶᠢᠨ ᠮᠡᠬᠡᠯᠡᠯ ᠳᠤ ᠴᠣᠬᠢᠯᠲᠠ ᠥᠭᠴᠦ ᠰᠡᠷᠭᠡᠶᠢᠯᠡᠬᠦ ᠪᠠ ᠤᠬᠠᠭᠤᠯᠬᠤ ᠡᠷᠴᠢᠮ ᠢ ᠴᠢᠩᠭᠠᠷᠠᠭᠤᠯᠤᠨ᠂ | ︽ᠵᠢᠷᠭᠤᠭ᠎ᠠ ᠥᠬᠡᠶ︾ ᠬᠥᠳᠡᠭᠡ ᠲᠣᠰᠬᠤᠨ ᠤ ᠣᠳᠣᠨ ᠲᠠᠰ ᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ︽ᠠᠮᠤᠷ ᠠᠮᠤᠭᠤᠯᠠᠩ ᠤᠮᠠᠷᠠᠲᠤ ᠬᠢᠯᠢ︾ ︽ | ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠎ᠡ᠃ | ᠠᠶᠤᠯᠭᠦᠢ ᠦᠢᠯᠡᠳᠪᠦᠷᠢᠯᠡᠯ ᠢ ᠪᠠᠲᠤᠲᠠᠢ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠠᠭᠤᠷᠬᠠᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠬᠦᠨᠳᠦ ᠶᠡᠭᠡ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠭᠤᠣᠯᠳᠠᠯᠭ᠎ᠠ ᠲᠠᠢ ᠠᠵᠤ ᠠᠬᠤᠶᠢᠯᠠᠯ ᠢ | ᠮᠥᠷᠳᠡᠨ ᠵᠢᠯᠤᠭᠤᠳᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠢ ᠪᠠᠲᠤᠯᠠᠨ᠎ᠠ᠃ ᠠᠳᠠᠯ ᠤᠨ | ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ ᠤᠯᠤᠰ ᠠᠴᠠ ᠶᠡᠭᠡ ᠬᠢᠩᠭᠠᠨ | ᠳᠠᠪᠠᠭ᠎ᠠ ᠶᠢᠨ ᠰᠢᠭᠤᠶᠢᠲᠤ ᠣᠷᠣᠨ ᠢ ᠳᠡᠮᠵᠢᠵᠦ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠢ ᠰᠢᠰᠲ᠋ᠧᠮ ᠲᠠᠢ ᠵᠠᠰᠠᠬᠤ ᠴᠢᠬᠤᠯᠠ ᠶᠡᠭᠡ ᠠᠵᠠ | ᠲᠣᠬᠢᠶᠠᠯ ᠢ ᠵᠠᠪᠳᠤᠨ᠂ ᠶᠡᠭᠡ ᠬᠢᠩᠭᠠᠨ ᠳᠠᠪᠠᠭ᠎ᠠ ᠶᠢᠨ ᠳᠠᠪᠠᠭᠠᠨ ᠤ ᠪᠠᠷᠠᠭᠤᠨ ᠬᠤᠶᠢᠲᠤ ᠬᠡᠰᠡᠭ ᠤᠨ ᠣᠶ ᠰᠢᠭᠤᠶ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠲᠤᠰᠬᠠᠶ ᠡᠩᠨᠡᠭᠡᠨ ᠤ ᠰᠠᠭᠤᠭ᠎ᠠ ᠪᠣᠯᠪᠠᠰᠤᠷᠠᠭᠤᠯᠬᠤ ᠰᠠᠭᠤᠷᠢᠨ ᠭᠠᠵᠠᠷ᠂ ᠬᠤᠲᠠ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ | ᠬᠥᠮᠥᠷᠭᠡ᠂ ᠴᠠᠶᠢᠾᠧ ᠠᠭᠠᠷ ᠤᠨ ᠠᠶᠠᠯᠠᠯ ᠤᠨ ᠣᠶ ᠰᠢᠭᠤᠶ ᠬᠠᠮᠠᠭᠠᠯᠠᠬᠤ ᠥᠷᠲᠡᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠨ᠂ ᠶᠡᠭᠡ ᠬᠢᠩᠭᠠᠨ ᠳᠠᠪᠠᠭ᠎ᠠ ᠶᠢ ᠪᠦᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠣᠷᠣᠨ ᠪᠣᠯᠭᠠᠨ ᠪᠠᠶᠢᠭᠤᠯᠤᠨ᠎ᠠ᠃ | ᠠᠶᠤᠯ ᠲᠦᠭᠰᠢᠭᠦᠷᠢ ᠶᠢᠨ ᠳᠠᠯᠳᠠ ᠭᠡᠮ ᠢ ᠴᠢᠩᠳᠠ ᠰᠡᠷᠭᠡᠶᠢᠯᠡᠨ᠎ᠡ᠃ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠ ᠥᠷᠢ ᠥᠭᠴᠡᠭᠡ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠎ᠠ᠃ | ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶ᠎ᠡ ᠴᠠᠷᠠᠭ᠎ᠠ ᠶᠢᠨ ᠲᠦᠭᠰᠢᠭᠦᠷᠢ ᠶᠢ ᠳᠡᠭᠡᠳᠤ ᠬᠡᠮᠵᠢᠶ᠎ᠡ ᠪᠠᠷ ᠠᠩᠬᠠᠷᠴᠤ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠢᠵᠠᠭᠠᠷ | ᠱᠤᠭᠤᠮ ᠢ ᠡᠷᠡᠰ ᠰᠠᠬᠢᠨ᠎ᠠ᠃ ᠴᠠᠯᠢᠩ ᠥᠷᠢᠲᠦᠬᠦ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠠᠯᠢᠩ ᠥᠷᠢᠲᠦᠬᠦ ᠢᠲᠡᠭᠡᠮᠵᠢ | ᠠᠯᠳᠠᠭᠰᠠᠳ ᠢ ᠬᠠᠮᠲᠤ ᠳᠤ ᠨᠢ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ | ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠭᠤᠷᠪᠠ᠂ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠲᠥᠯᠥᠭᠡᠯᠡᠭᠴᠢᠳ ᠡ᠂ ᠬᠤᠲᠠ ᠶᠢᠨ ᠵᠠᠰᠠᠭ ᠤᠨ ᠣᠷᠳᠣᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ | ᠪᠠᠶᠢᠷᠢᠰᠢᠭᠤᠯᠤᠯᠲᠠ ᠪᠠᠨ ᠰᠠᠶᠢᠵᠢᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ | ᠴᠢᠳᠠᠪᠬᠢ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠭᠦᠢᠴᠡᠳᠬᠡᠵᠦ᠂ ᠪᠣᠳᠠᠲᠠᠢ ᠶᠢ ᠡᠷᠬᠢᠮᠯᠡᠬᠦ ᠥᠨᠳᠥᠷ ᠪᠦᠲᠦᠮᠵᠢᠲᠡᠢ ᠦᠢᠯᠡᠴᠢᠯᠡᠭᠡᠨ ᠤ ᠮᠠᠶ᠋ᠢᠭ ᠤᠨ | ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠭᠡ︶ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠷᠠᠭᠤᠯᠵᠤ ᠶᠡᠷᠦᠩᠭᠡᠶᠢᠯᠡᠨ ᠳᠠᠭᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠤᠯᠤᠰ | ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ | ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠂ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ ᠲᠥᠷᠥ ᠶᠢᠨ ᠬᠠᠷᠠᠴᠠ᠂ ᠤᠯᠤᠰ | ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠲᠠᠨᠢᠯᠲᠠ ᠪᠠᠷ ᠠᠵᠢᠯ ᠶᠠᠪᠤᠳᠠᠯ ᠢ ᠲᠦᠰᠦᠪᠯᠡᠨ ᠬᠢᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠨᠢᠭᠡᠳᠦᠭᠡᠷ | ᠱᠠᠭᠠᠷᠳᠠᠯᠭ᠎ᠠ᠂ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠨ᠂ ᠬᠤᠲᠠ ᠶᠢᠨ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠶᠡᠭᠡ | ᠲᠠᠯ᠎ᠠ ᠶᠢᠨ ᠤᠬᠠᠮᠰᠠᠷ᠂ ᠰᠠᠨᠠᠭᠠᠴᠢᠯᠠᠭᠠᠲᠤ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠷᠠᠭᠤᠯᠵᠤ᠂ ᠬᠤᠲᠠ ᠶᠢᠨ ᠨᠠᠮ ᠤᠨ ᠬᠤᠷᠢᠶᠠᠨ ᠤ | ᠲᠤᠰᠢᠶᠠᠨ ᠭᠦᠢᠴᠡᠳᠬᠡᠬᠦ ᠵᠦᠢᠯᠡᠰ ᠲᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠ ᠪᠦᠬᠦ ᠲᠠᠯ᠎ᠠ ᠶᠢᠨ ᠨᠠᠶᠢᠳᠠᠪᠤᠷᠢᠵᠢᠭᠤᠯᠤᠯᠳᠠ ᠬᠡᠷᠡᠭᠵᠢᠬᠦᠯᠵᠦ᠂ ᠶᠠᠪᠤᠳᠠᠯ | ᠪᠣᠯᠭᠠᠨ ᠳᠤ ᠬᠠᠷᠢᠭᠤᠯᠲᠠ ᠲᠠᠢ᠂ ᠤᠴᠢᠷ ᠪᠣᠯᠭᠠᠨ ᠳᠤ ᠦᠷ᠎ᠡ ᠳ᠋ᠦᠩ ᠲᠠᠢ ᠪᠠᠶᠢᠯᠭᠠᠨ᠎ᠠ᠃ |