2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 12
ᠨᠡᠶᠢᠲᠡᠯᠡᠭᠰᠡᠨ ᠴᠠᠭ᠄
2025/2/12
       ︵ᠬᠤᠶᠠᠷ︶ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ ᠰᠢᠪᠲᠤᠯᠤᠯᠲᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠨᠢᠭᠡᠳᠦᠯᠳᠡᠢ ᠪᠠᠷ ᠲᠦᠰᠦᠪᠯᠡᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠰᠡᠳᠬᠢᠬᠦᠢ᠂ ᠤᠬᠠᠮᠵᠢ ᠰᠡᠳᠬᠢᠬᠦᠢ ᠪᠠ ᠨᠠᠷᠢᠯᠢᠭ ᠪᠤᠳᠤᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠳᠡᠭᠡᠷ᠎ᠠ ᠱᠠᠳᠤᠨ ᠤ ᠲᠦᠷᠦ ᠶᠢᠨ ᠪᠤᠳᠤᠯᠭ᠎ᠠ ᠶᠢ ᠤᠨᠤᠴᠠᠲᠠᠢ ᠡᠵᠡᠮᠳᠡᠵᠦ᠂ ᠲᠤᠰ ᠭᠠᠵᠠᠷ ᠤᠷᠤᠨ ᠲᠤᠰ ᠬᠦᠷᠢᠶ᠎ᠡ ᠬᠡᠪᠴᠢᠶᠡᠨ ᠤ ᠪᠠᠶᠢᠳᠠᠯ ᠢ ᠨᠠᠷᠢᠨ ᠤᠶᠢᠯᠠᠭᠠᠵᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠰᠡᠳᠬᠢᠮᠵᠢ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠦᠰᠦᠪᠯᠡᠵᠦ᠂ ᠡᠯ᠎ᠡ ᠵᠦᠢᠯ ᠤᠨ ᠡᠭᠦᠷᠭᠡ ᠪᠠᠨ ᠦᠨᠳᠦᠷ ᠪᠦᠲᠦᠮᠵᠢᠳᠡᠢ ᠨᠠᠶᠢᠳᠠᠪᠤᠷᠢᠵᠢᠭᠤᠯᠤᠨ᠎ᠠ᠃ ᠥᠭᠡᠷᠡᠴᠢᠯᠡᠯᠲᠡ ᠪᠠᠷ ᠰᠢᠪᠲᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶᠠᠯᠠᠨ ᠬᠠᠷᠭᠤᠭᠤᠯᠵᠤ ᠤᠨᠳᠤᠤᠰᠢᠭᠤᠯᠬᠤ ᠠᠵᠢᠯ ᠤᠨ ᠲᠤᠭᠲᠠᠯᠴᠠᠭ᠎ᠠ ᠶᠢ ᠪᠠᠶᠢᠭᠤᠯᠵᠤ᠂ ᠡᠯ᠎ᠡ ᠭᠤᠭᠴᠤᠭ᠎ᠠ ᠶᠢ ᠨᠢᠭᠲᠠ ᠤᠶᠠᠯᠳᠤᠭᠤᠯᠤᠨ ᠠᠯᠬᠤᠮ ᠠᠯᠬᠤᠮ ᠢᠶᠠᠷ ᠳᠠᠭᠠᠵᠤ᠂ ᠥᠭᠡᠷᠡᠴᠢᠯᠡᠯᠲᠡ ᠬᠢᠬᠦ ᠳᠤᠮᠳᠠ ᠬᠦᠴᠢᠷ ᠢ ᠲᠤᠭᠤᠯᠤᠨ᠂ ᠰᠢᠨ᠎ᠡ ᠶᠢ ᠡᠭᠦᠳᠬᠦ ᠳᠤᠮᠳᠠ ᠰᠢᠪᠲᠤᠯᠤᠯᠲᠠ ᠭᠠᠷᠭᠠᠨ᠎ᠠ᠃        ︵ᠭᠤᠷᠪᠠ︶ ᠢᠲᠡᠭᠡᠯ ᠢ ᠪᠠᠷᠢᠮᠲᠠᠯᠠᠨ ᠠᠮᠠᠯᠠᠯᠲᠠ ᠪᠠᠨ ᠦᠢᠯᠡᠳᠦᠯᠭᠡᠵᠢᠬᠦᠯᠬᠦ ᠶᠢ ᠴᠢᠩᠭᠠᠷᠠᠭᠤᠯᠵᠤ ᠬᠠᠤᠯᠢ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠪᠤᠳᠤᠯᠭ᠎ᠠ ᠲᠣᠭᠲᠠᠭᠠᠬᠤ ᠴᠤᠪᠤᠷᠠᠯ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠪᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠬᠡᠷᠡᠭᠵᠢᠬᠦᠯᠬᠦ᠂ ᠤᠯᠠᠨ ᠲᠦᠮᠡᠨ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷᠯᠢᠭ ᠰᠠᠶᠢᠲᠤᠷ ᠭᠦᠢᠴᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠰᠠᠶᠢᠨ ᠰᠠᠶᠢᠬᠠᠨ ᠲᠦᠷᠢ ᠲᠥᠷᠬᠦ ᠶᠢ ᠪᠦᠬᠦ ᠲᠠᠯ᠎ᠠ ᠪᠠᠷ ᠱᠤᠭᠤᠨ᠎ᠠ᠃        ︵ᠲᠦᠷᠪᠡ︶ ᠪᠣᠳᠠᠲᠠᠢ ᠶᠢ ᠡᠷᠬᠢᠮᠯᠡᠬᠦ ᠰᠤᠷᠲᠠᠯ ᠢ ᠴᠢᠩᠭᠠᠷᠠᠭᠤᠯᠵᠤ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠦᠢᠯᠡᠳᠦᠯᠭᠡᠵᠢᠬᠦᠯᠵᠦ᠂ ᠣᠯᠠᠨ ᠲᠦᠮᠡᠨ ᠲᠠᠢ ᠬᠠᠷᠢᠯᠴᠠᠬᠤ᠂ ᠠᠵᠤ ᠠᠬᠤᠶᠢᠯᠠᠯ ᠢ ᠳᠠᠭᠠᠭᠠᠴᠢᠯᠠᠨ ᠬᠠᠷᠢᠯᠴᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ︽ᠳᠠᠯᠳᠠᠭᠤᠷ︾ ᠰᠠᠨᠠᠯ ᠬᠤᠷᠢᠶᠠᠬᠤ ᠲᠣᠭᠲᠠᠴᠠ ᠶᠢ ᠪᠦᠷᠢᠨᠰᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠡᠪᠳᠡᠬᠦ ᠠᠰᠠᠭᠤᠳᠠᠯ ᠢ ᠦᠨᠡᠨ ᠬᠦ ᠴᠢᠩᠭ᠎ᠠ ᠰᠢᠢᠳᠪᠦᠷᠢᠯᠡᠵᠦ᠂ ᠣᠯᠠᠨ ᠲᠦᠮᠡᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢ ᠵᠠᠰᠠᠭ ᠤᠨ ᠣᠷᠳᠣᠨ ᠤ ᠡᠭᠦᠷᠭᠡ ᠶᠢᠨ ᠨᠠᠷᠢᠨ ᠳᠠᠩᠰᠠ ᠪᠣᠯᠭᠠᠨ ᠬᠤᠪᠢᠷᠠᠭᠤᠯᠵᠤ᠂ ᠬᠦᠴᠢᠷᠳᠡᠯ ᠢ ᠦᠨᠡᠨ ᠬᠦ ᠰᠢᠢᠳᠪᠦᠷᠢᠯᠡᠨ᠂ ᠪᠤᠳᠠᠳᠤ ᠶᠠᠪᠤᠳᠠᠯ ᠭᠦᠢᠴᠡᠳᠭᠡᠨ᠎ᠡ᠃        ︵ᠲᠠᠪᠤ︶ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠷᠠᠭᠤᠯᠵᠤ ᠠᠷᠢᠭᠤᠨ ᠴᠢᠬᠡᠴᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠬᠠᠮᠲᠤᠷᠠᠭᠰᠠᠨ ᠬᠤᠷᠠᠯ ᠤᠨ ᠲᠤᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠢᠶᠠᠷ ᠬᠠᠯᠠᠨ ᠰᠠᠶᠢᠵᠢᠷᠠᠭᠤᠯᠤᠯᠳᠠ ᠶᠢ ᠠᠬᠢᠭᠤᠯᠬᠤ ᠠᠵᠢᠯ ᠤᠨ ᠲᠣᠭᠲᠠᠴᠠ ᠶᠢ ᠬᠤᠯᠪᠤᠭᠠᠯᠠᠨ ᠨᠠᠶᠢᠳᠠᠪᠤᠷᠢᠵᠢᠭᠤᠯᠵᠤ᠂ ᠪᠡᠯᠡ ᠮᠥᠩᠭᠦ ᠲᠥᠪᠯᠡᠷᠡᠭᠰᠡᠨ᠂ ᠡᠬᠢ ᠪᠠᠶᠠᠯᠢᠭ ᠬᠤᠷᠠᠮᠳᠤᠭᠰᠠᠨ ᠬᠦᠷᠢᠶ᠎ᠡ ᠴᠠᠷᠠᠭᠠᠨ ᠤ ᠢᠯᠵᠢᠷᠡᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ︽ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠴᠢᠩᠭ᠎ᠠ ᠪᠤᠳᠠᠳᠠᠶᠢᠵᠢᠭᠤᠯᠵᠤ᠂ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠵᠢᠯ ᠤᠨ ᠪᠠᠶᠢᠷᠢ ᠳᠤᠨᠢ ᠨᠠᠶᠢᠳᠠᠪᠤᠷᠢᠵᠢᠭᠤᠯᠵᠤ᠂ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠤᠨ᠎ᠠ᠃ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠰᠡᠷᠭᠡᠶᠢᠯᠡᠨ ᠴᠡᠭᠴᠡᠯᠡᠨ ᠵᠠᠰᠠᠵᠤ᠂ ᠨᠡᠩ ᠤᠯᠠᠨ ᠡᠬᠢ ᠪᠠᠶᠠᠯᠢᠭ ᠪᠠ ᠡᠳ᠋ ᠤᠨ ᠬᠦᠴᠦᠨ ᠤ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠳᠡᠭᠡᠷ᠎ᠡ ᠬᠡᠷᠡᠭᠯᠡᠬᠦ ᠶᠢ ᠪᠠᠲᠤᠯᠠᠨ᠎ᠠ᠃        ᠲᠥᠯᠥᠭᠡᠯᠡᠭᠴᠢᠳ ᠡ︕ ᠠᠤᠭ᠎ᠠ ᠲᠦᠰᠦᠪ ᠨᠢᠭᠡᠨᠲᠡ ᠵᠢᠷᠤᠭᠯᠠᠭᠳᠠᠵᠤ᠂ ᠠᠶᠠᠨ ᠤ ᠬᠡᠩᠭᠡᠷᠭᠡ ᠴᠤᠤᠷᠢᠶᠠᠳᠤᠨ ᠬᠠᠩᠭᠢᠨᠠᠯ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠢᠲᠡᠭᠡᠯ ᠵᠣᠷᠢᠭ ᠢᠶᠠᠨ ᠬᠥᠪᠴᠢᠯᠡᠵᠦ᠂ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠬᠥᠯᠥᠨ ᠪᠤᠶᠢᠷ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ