ᠬᠦᠯᠦᠨ ᠪᠤᠶᠢᠷ ᠬᠤᠲᠠ ᠶᠢᠨ 2025 ᠣᠨ ᠳᠠᠬᠢ ᠠᠷᠠᠳ ᠤᠨ ᠠᠮᠢᠳᠤᠷᠠᠯ ᠤᠨ ᠪᠣᠳᠠᠲᠣ ᠶᠠᠪᠤᠳᠠᠯ ᠤᠨ 33 ᠲᠥᠷᠥᠯ ᠤᠨ ᠨᠠᠷᠢᠨ ᠬᠠᠭᠤᠳᠠᠰᠤ | | ᠨᠢᠭᠡ᠂ ᠤᠯᠠᠨ ᠲᠦᠮᠡᠨ ᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠯ᠎ᠠ ᠶᠢᠨ 8 ᠲᠦᠷᠦᠯ | 1. ᠪᠥᠬᠦ ᠬᠤᠲᠠ ᠶᠢᠨ ᠬᠤᠲᠠ ᠪᠠᠯᠭᠠᠰᠤᠨ ᠤ 3500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ | ᠪᠠᠶᠢᠷᠢ ᠶᠢ 4756 ᠢᠯᠡᠷᠡᠭᠦᠯᠦᠨ ᠭᠠᠷᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠤᠨ᠎ᠠ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 2. ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ 1.83 ᠲᠦᠮᠡᠨ ᠬᠥᠮᠦᠨ ᠳᠤ ᠠᠵᠢᠯ ᠤᠯᠭᠤᠨ᠎ᠠ ︵ᠲᠦᠷᠦᠭᠦᠯᠡᠨ ᠬᠠᠷᠢᠭᠤᠴᠠᠬᠤ | ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶᠂ ᠴᠡᠷᠢᠭ ᠤᠨ ᠠᠯᠪᠠ ᠠᠴᠠ ᠬᠠᠯᠠᠭᠳᠠᠭᠰᠠᠨ 330 ᠴᠡᠷᠢᠭ ᠪᠠᠶᠢᠯᠳᠤᠭᠴᠢ ᠳᠤ ᠪᠡᠶ᠎ᠡ ᠪᠠᠨ | ᠳᠠᠭᠠᠭᠠᠵᠤ ᠠᠵᠢᠯ ᠤᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ︶᠂ | 500 ᠵᠡᠮᠳᠡᠭᠴᠦᠳ ᠲᠤ ᠠᠵᠢᠯ ᠤᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠡᠮᠳᠡᠭᠴᠦᠳ ᠤᠨ ᠬᠤᠯᠪᠤᠭᠠᠲᠤ ᠬᠤᠷᠠᠯ︶᠃ | 3. 10 ᠪᠠᠷᠢᠮᠵᠢᠶᠠᠵᠢᠭᠰᠠᠨ ︽ᠬᠡᠷ ᠤᠨ ᠡᠭᠦᠳᠡᠨ︾ ᠳᠠᠬᠢ ᠠᠵᠢᠯ ᠣᠯᠭᠤᠬᠤ ᠦᠢᠯᠡᠴᠢᠯᠡᠬᠡᠨ ᠤ ᠥᠷᠲᠡᠭᠡ ᠪᠠᠶᠢᠭᠤᠯᠵᠤ᠂ ᠦᠢᠯᠡᠴᠢᠯᠡᠬᠡᠨ ᠤ | ᠴᠢᠳᠠᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠲᠡᠯ᠎ᠡ | ᠤᠷᠲᠤᠳᠬᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 4. ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 90 ᠲᠦᠮᠡᠨ ᠮᠦ ᠨᠡᠮᠡᠭᠳᠡᠭᠦᠯᠬᠦ ᠶᠢ ᠠᠬᠢᠭᠤᠯᠵᠤ᠂ 400 ᠲᠦᠮᠡᠨ ᠮᠦ ᠠᠴᠠ | ᠳᠡᠭᠡᠭᠰᠢ ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶᠃ | 5. ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | 300 ᠠᠵᠢᠯ ᠤᠨ ᠪᠠᠶᠢᠷᠢ ᠭᠠᠷᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶᠃ | 6. ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠡᠮᠡᠭᠲᠡᠶᠢᠴᠦᠳ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠢ 5000 ᠬᠥᠮᠦᠨ ᠤᠳᠠᠭ᠎ᠠ | ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭᠰᠠᠳ ᠢ 2000 ᠨᠡᠷᠡᠰ᠂ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠣᠭᠴᠢ ᠶᠢ 1000 | ᠨᠡᠷᠡᠰ ᠪᠣᠯᠪᠠᠰᠤᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ︶᠃ | 7. ︽ᠤᠮᠠᠷᠠᠲᠤ ᠬᠢᠯᠢ ᠶᠢᠨ ᠵᠠᠯᠠᠭᠤ ᠬᠦᠳᠡᠯᠮᠦᠷᠢᠴᠢ︾ ᠰᠤᠳᠤᠨ ᠨᠡᠪᠲᠡᠷᠡᠭᠦᠯᠦᠭᠴᠢ ᠶᠢ 50 ᠨᠡᠷᠡᠰ ᠠᠴᠠ ᠳᠤᠲᠠᠭᠤ ᠥᠬᠡᠶ ᠪᠤᠶᠢᠵᠢᠭᠤᠯᠵᠤ᠂ ᠬᠥᠯᠥᠨ | ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ | ᠨᠡᠮᠡᠭᠳᠡᠯ ᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠯᠠᠭᠤᠴᠤᠳ ᠤᠨ ᠡᠪᠯᠡᠯ ᠤᠨ ᠬᠤᠷᠢᠶ᠎ᠠ︶᠃ | 8. ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠥᠬᠦᠶ ᠬᠥᠳᠡᠯᠮᠦᠷᠢᠴᠢᠳ ᠤᠨ ᠡᠷᠡᠭᠦᠯ ᠮᠡᠨᠳᠦ ᠶᠢ ᠬᠠᠯᠠᠮᠵᠢᠯᠠᠬᠤ ᠠᠵᠢᠯᠯᠠᠭᠠᠨ ᠢ ᠥᠷᠨᠢᠭᠦᠯᠵᠦ᠂ 5000 | ᠬᠥᠮᠦᠨ ᠳᠤ ᠲᠤᠬᠤᠨᠢᠭᠤᠯᠭ᠎ᠠ ᠦᠢᠯᠡᠴᠢᠯᠡᠭᠡ ᠬᠠᠩᠭᠠᠵᠤ᠂ 400 ᠬᠥᠮᠦᠨ ᠳᠤ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ︶᠃ | ᠬᠤᠶᠠᠷ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠶᠢᠨ 9 ᠲᠦᠷᠦᠯ | 9. ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠤᠷᠤᠨ ᠰᠠᠭᠤᠴᠠ ᠶᠢᠨ ᠰᠠᠭᠤᠭᠠᠯᠢ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ ᠶᠢ ᠪᠦᠷᠢᠨ ᠪᠦᠷᠬᠦᠬᠦᠯᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶︔ 900 ᠡᠷᠦᠬᠡ ᠤᠨᠴᠠ ᠬᠦᠴᠢᠷᠳᠡᠯᠲᠡᠶ ᠨᠠᠰᠤᠲᠠᠶᠢᠴᠤᠳ ᠤᠨ ᠭᠡᠷ ᠪᠦᠯᠢ ᠶᠢ ᠦᠲᠡᠭᠦᠰ ᠲᠤ ᠲᠤᠬᠢᠷᠠᠭᠤᠯᠤᠨ | ᠦᠭᠡᠷᠡᠴᠢᠯᠡᠨ ᠰᠢᠨᠡᠳᠬᠡᠭᠦ ᠶᠢ ᠪᠡᠶᠡᠯᠡᠬᠦᠯᠵᠦ᠂ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡ ᠶᠢᠨ ᠴᠡᠭ ᠢ 30 ᠰᠢᠨ᠎ᠡ ᠪᠠᠷ ᠨᠡᠮᠡᠭᠳᠡᠬᠦᠯᠦᠨ᠎ᠡ | ︵ᠲᠦᠷᠦᠭᠦᠯᠡᠨ ᠬᠠᠷᠢᠭᠤᠴᠠᠬᠤ ᠨᠢᠭᠡᠴᠢ᠄ ᠠᠷᠠᠳ ᠤᠨ ᠶᠠᠪᠤᠳᠠᠯ ᠤᠨ ᠲᠣᠪᠴᠢᠶ᠎ᠠ︶ ᠃ | 10. ᠰᠤᠮᠤ ᠰᠢᠶᠠᠩ ᠪᠠᠯᠭᠠᠰᠤ ᠶᠢᠨ ᠣᠷᠣᠨ ᠬᠡᠪᠴᠢᠶᠡᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ 3 ︵ᠵᠢᠯ ᠤᠨ ᠳᠣᠲᠣᠷ᠎ᠠ 3 ᠶᠢ ᠳᠠᠭᠤᠰᠬᠠᠨ᠎ᠠ︶᠂ | ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 20 ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠤᠨ ᠴᠢᠳᠠᠮᠵᠢ ᠶᠢ 30 ᠥᠷᠭᠡᠳᠬᠡᠨ ᠳᠡᠭᠡᠭᠰᠢᠯᠡᠭᠦᠯᠦᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶︔ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ | ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠨᠡᠶᠢᠯᠡᠭᠦᠯᠵᠦ᠂ ᠦᠯᠡᠳᠡᠭᠡᠬᠦ ᠪᠠᠷ ᠪᠠᠶᠢᠭ᠎ᠠ 91 ᠡᠷᠦᠬᠡ ᠨᠡᠭᠦᠷᠡᠰᠦ | ᠲᠦᠯᠡᠵᠦ ᠳᠤᠯᠠᠭᠠᠯᠠᠬᠤ ᠬᠡᠷᠡᠭᠯᠡᠭᠴᠢᠳ ᠪᠦᠬᠦᠨ ᠢ ᠴᠠᠬᠢᠯᠭᠠᠨ ᠬᠡᠷᠡᠭᠯᠡᠬᠦ ᠪᠣᠯᠭᠠᠨ ᠦᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶᠃ | 11. ᠬᠤᠰᠢᠭᠤ ︵ᠬᠤᠲᠠ᠂ ᠲᠣᠭᠤᠷᠢᠭ︶ ᠨᠢᠭᠡᠪᠦᠷᠢ ᠳᠤ ᠠᠳᠠᠭ ᠲᠠᠭᠠᠨ 1 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠠᠴᠠ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠰᠦᠢᠳᠬᠡᠯ ᠲᠤᠰᠢᠶᠠᠬᠤ ᠳᠤ | ᠨᠥᠬᠦᠪᠥᠷᠢ ᠥᠭᠬᠦ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶᠃ | 12. 450 ᠵᠡᠮᠳᠡᠭᠴᠦᠳ ᠲᠤ ᠭᠡᠷ ᠲᠡᠭᠡᠨ ᠨᠠᠶᠢᠳᠠᠨ ᠠᠰᠠᠷᠠᠭᠤᠯᠬᠤ ᠦᠢᠯᠡᠴᠢᠯᠡᠭᠡ ᠥᠷᠨᠢᠭᠦᠯᠵᠦ᠂ 50 ᠨᠡᠷᠡᠰ ᠵᠡᠮᠳᠡᠭ ᠬᠡᠦᠬᠡᠳ ᠲᠤ ᠡᠷᠡᠭᠦᠯᠵᠢᠭᠦᠯᠬᠦ | ᠲᠣᠰᠠᠯᠠᠯᠲᠠ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠡᠮᠳᠡᠭᠴᠦᠳ ᠤᠨ ᠬᠤᠯᠪᠤᠭᠠᠲᠤ ᠬᠤᠷᠠᠯ︶᠃ | 13. ᠲᠡᠩᠬᠡᠷᠡᠭᠦᠯᠦᠨ ᠲᠤᠰᠠᠯᠠᠬᠤ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠳᠤ ᠰᠦᠢᠳᠬᠡᠯ | ᠬᠤᠷᠢᠶᠠᠬᠤ ᠥᠬᠡᠶ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠬᠦ ᠶᠢ ᠬᠡᠷᠡᠭᠵᠢᠬᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭᠠᠳᠤ ᠬᠤᠷᠠᠯ︶᠃ | 14. ᠪᠦᠬᠦ ᠬᠤᠲᠠ ᠶᠢᠨ ᠥᠨᠥᠴᠢᠨ ᠬᠡᠦᠬᠡᠳ ᠲᠤ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠬᠤᠳᠠᠯᠳᠤᠨ ᠠᠪᠴᠤ ᠥᠭᠴᠦ᠂ ᠳᠠᠭᠠᠳᠬᠠᠯ ᠳᠤ | ᠤᠷᠤᠬᠤ ᠶᠤᠰᠤᠳᠠᠢ ᠪᠦᠬᠦᠨ ᠢ ᠳᠠᠭᠠᠳᠬᠠᠯ ᠳᠤ ᠤᠷᠤᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶︔ | 5600 ᠬᠦᠮᠦᠨ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠰᠤᠪᠢᠯᠠᠬᠤ ᠠᠵᠢᠯᠳᠠᠨ ᠤ ᠭᠡᠷᠡᠴᠢ ᠤᠯᠭᠤᠬᠤ ᠪᠣᠯᠪᠠᠰᠤᠷᠠᠭᠤᠯᠤᠯ ᠢ ᠪᠡᠶᠡᠯᠡᠬᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶ ᠃ | 15. 1200 ᠨᠡᠷᠡᠰ ᠬᠡᠷ ᠲᠡᠭᠡᠨ ᠦᠯᠡᠳᠡᠵᠦ ᠬᠤᠴᠤᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠬᠠᠪᠰᠤᠷᠤᠨ ᠵᠢᠯᠣᠭᠤᠳᠣᠯᠭ᠎ᠠ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶︔ | ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠵᠥᠪᠯᠡᠯᠭᠡ᠂ ᠵᠠᠯᠠᠭᠤ ᠨᠠᠰᠤᠨ ᠤ ᠦᠶ᠎ᠡ ᠶᠢᠨ ᠬᠥᠮᠦᠵᠢᠯ ᠵᠡᠷᠭᠡ ᠶᠡᠷᠦᠩᠬᠡᠶᠢᠯᠡᠭᠰᠡᠨ ᠴᠢᠨᠠᠷᠲᠠᠢ ᠨᠡᠶᠢᠲᠡ ᠶᠢᠨ | ᠠᠰᠠᠷᠠᠮᠵᠢ ᠶᠢᠨ ᠦᠢᠯᠡᠴᠢᠯᠡᠭᠡ ᠶᠢ 1800 ᠬᠥᠮᠦᠨ ᠤᠳᠠᠭ᠎ᠠ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠯᠠᠭᠤᠴᠤᠳ ᠤᠨ ᠡᠪᠯᠡᠯ ᠤᠨ | ᠬᠤᠷᠢᠶ᠎ᠠ︶᠃ | 16. ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠᠷ ᠲᠣᠭᠲᠠᠭᠠᠭᠳᠠᠭᠰᠠᠨ 3 ᠨᠠᠰᠤᠨ ᠠᠴᠠ ᠳᠣᠷᠣᠭᠰᠢᠬᠢ ᠨᠢᠯᠬᠠᠰ ᠢ ᠪᠣᠳᠠᠲᠠᠶ | ᠡᠯᠰᠡᠭᠰᠡᠨ ᠲᠤᠭ᠎ᠠ ᠶᠣᠰᠣᠭᠠᠷ ᠬᠥᠮᠦᠨ ᠨᠢᠭᠡᠪᠦᠷᠢ ᠳᠤ ᠵᠢᠯ ᠪᠦᠷᠢ 900 ᠲᠥᠭᠦᠷᠢᠭ ᠤᠨ ᠨᠥᠬᠦᠪᠥᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 17. ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ︽ᠬᠤᠶᠠᠷ ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠲᠤ ᠬᠥᠮᠦᠨ ᠪᠦᠷᠢ ᠳᠤ 1 ᠲᠦᠮᠡᠨ | ᠲᠥᠭᠦᠷᠢᠭ ᠤᠨ ᠲᠤᠰᠠᠯᠠᠮᠵᠢ ᠣᠯᠭᠤᠵᠤ᠂ ᠬᠥᠯᠥᠨ ᠪᠤᠶᠢᠷ ᠬᠤᠲᠠ ᠶᠢᠨ ᠲᠠᠰ ᠠᠴᠠ ᠳᠡᠭᠡᠭᠰᠢᠬᠢ ᠬᠡᠦᠬᠡᠳ ︵ᠬᠡᠦᠬᠡᠳ ᠠᠰᠠᠷᠠᠬᠤ︶ ᠤᠨ ᠦᠷᠦᠭᠡ ᠶᠢ 2 | ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠤᠭᠠᠲᠤ ᠬᠤᠷᠠᠯ︶᠃ |