2025·ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ 14
ᠨᠡᠶᠢᠲᠡᠯᠡᠭᠰᠡᠨ ᠴᠠᠭ᠄
2025/2/12
       ᠭᠤᠷᠪᠠ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠶᠢᠨ 8 ᠲᠦᠷᠦᠯ       18. ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠭᠤᠤᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠰᠠᠭ ᠤᠨ ᠶᠠᠪᠤᠳᠠᠯ ᠪᠠ ᠳ᠋ᠠᠶᠢᠲ᠋ᠠ ᠬᠠᠮᠢᠶᠠᠷᠤᠯᠳᠠ ᠶᠢᠨ ᠲᠣᠪᠴᠢᠶ᠎ᠠ︶᠃        19. ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠪᠠᠷ ᠨᠡᠮᠡᠭᠳᠡᠭᠰᠡᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠪᠣᠳᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠳᠤ ᠵᠥᠷᠢᠶ᠎ᠡ ᠥᠬᠡᠶ ᠭᠥᠯᠢᠶᠡᠨ ᠠᠪᠴᠤ ᠭᠦᠢᠴᠡᠳᠬᠡᠬᠦ ᠪᠠ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠰᠠᠭ ᠤᠨ ᠶᠠᠪᠤᠳᠠᠯ ᠪᠠ ᠳ᠋ᠠᠶᠢᠲ᠋ᠠ ᠬᠠᠮᠢᠶᠠᠷᠤᠯᠳᠠ ᠶᠢᠨ ᠲᠣᠪᠴᠢᠶ᠎ᠠ︶᠃        20. ᠬᠢᠯᠢ ᠳᠠᠭᠠᠤ 6 ᠬᠤᠰᠢᠭᠤ ᠬᠤᠲᠠ ᠶᠢᠨ 300 ᠨᠡᠷᠡᠰ ᠭᠤᠤᠯᠯᠠᠭᠴᠢ ᠪᠠᠭᠰᠢ ᠳᠤ ︽ᠨᠢᠭᠡ ᠳᠤ ᠨᠢᠭᠡ︾ ᠤᠨᠤᠴᠠᠲᠠᠢ ᠪᠠᠷ ᠬᠠᠪᠰᠤᠷᠤᠨ ᠲᠡᠳᠬᠦᠬᠦ ᠪᠣᠯᠪᠠᠰᠤᠷᠠᠭᠤᠯᠤᠯ ᠥᠷᠨᠢᠭᠦᠯᠵᠦ᠂ ᠬᠢᠯᠢ ᠳᠠᠭᠠᠤ ᠭᠠᠵᠠᠷ ᠣᠷᠣᠨ ᠤ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶᠃        21. ᠠᠯᠪᠠᠨ ᠠᠴᠠ ᠡᠷᠬᠢᠯᠡᠭᠰᠡᠨ 54 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠡᠭᠦᠳᠡᠨ ᠳᠤᠨᠢ ᠮᠥᠷᠭᠦᠬᠦ ᠶᠢ ᠰᠡᠷᠭᠡᠶᠢᠯᠡᠬᠦ ᠪᠠᠭᠠᠨ᠎ᠠ᠂ ᠬᠠᠯᠬᠠᠪᠴᠢ ᠬᠡᠷᠡᠰᠬᠡ ᠵᠡᠷᠭᠡ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠤᠭᠰᠠᠷᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶᠃        22. 341 ᠵᠠᠰᠠᠭ ᠵᠠᠬᠢᠷᠭᠠᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠰᠦᠯᠵᠢᠶᠡᠵᠢᠭᠦᠯᠦᠭᠰᠡᠨ ᠵᠢᠷᠦᠬᠡᠨ ᠤ ᠯᠤᠭᠰᠢᠯᠲᠠ ᠶᠢᠨ ᠲᠥᠬᠦᠭᠡᠷᠦᠮᠵᠢ ᠲᠣᠬᠢᠷᠠᠭᠤᠯᠵᠤ᠂ ᠡᠷᠡᠭᠦᠯ ᠬᠠᠮᠠᠭᠠᠯᠠᠯ ᠤᠨ ᠲᠠᠰᠤᠭ ᠤᠨ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        23. ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠤᠨ ᠰᠠᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠤᠰᠬᠠᠶ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠭᠤᠯᠬᠤ ᠶᠢ ᠠᠬᠢᠭᠤᠯᠵᠤ᠂ ᠣᠯᠠᠨ ᠲᠦᠮᠡᠨ ᠳᠤ ᠬᠡᠷ ᠤᠨ ᠡᠭᠦᠳᠡᠨ ᠳᠤ ᠪᠠᠨ ᠲᠤᠰᠬᠠᠶ ᠮᠡᠷᠭᠡᠵᠢᠯᠲᠡᠨ ᠤ ᠦᠢᠯᠡᠴᠢᠯᠡᠭᠡ ᠶᠢ ᠬᠦᠷᠲᠡᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        24. ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠢᠴᠢ ᠰᠣᠳᠣᠨ ᠪᠦᠲᠦᠭᠡᠯ ᠤᠨ ᠦᠵᠡᠰᠬᠦᠯᠡᠩ ᠢ 30 ᠭᠠᠷᠭᠠᠵᠤ᠂ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ 100 ᠲᠠᠯᠠᠪᠤᠷ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠷᠠᠳ ᠲᠤ 1000 ᠲᠠᠯᠠᠪᠤᠷ ᠲᠣᠭᠯᠠᠯᠲᠠ ᠭᠠᠷᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ︶᠃        25. ᠪᠡᠶ᠎ᠡ ᠶᠢᠨ ᠲᠠᠮᠢᠷ ᠤᠨ ᠴᠡᠴᠡᠷᠯᠢᠭ ᠢ 1 ᠰᠢᠨᠡᠳᠬᠡᠨ ᠥᠷᠭᠡᠳᠬᠡᠨ ᠪᠠᠶᠢᠭᠤᠯᠵᠤ᠂ ᠣᠯᠠᠨ ᠴᠢᠳᠠᠮᠵᠢᠲᠤ ᠲᠠᠮᠢᠷ ᠤᠨ ᠬᠦᠳᠡᠯᠭᠡᠭᠡᠨ ᠤ ᠲᠠᠯᠠᠪᠤᠷ 3᠂ ᠫᠢᠩᠫᠠᠩ ᠪᠥᠮᠪᠦᠭᠡ ᠶᠢᠨ ᠬᠥᠳᠡᠯᠭᠡᠭᠡᠨ ᠤ ᠲᠠᠯᠠᠪᠤᠷ 5᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠭᠡᠷ 1᠂ ᠣᠯᠠᠨ ᠲᠦᠮᠡᠨ ᠤ ᠭᠡᠷ ᠤᠨ ᠭᠠᠳᠠᠨᠠᠬᠢ ᠮᠦᠰᠦᠨ ᠳᠤ ᠭᠤᠯᠭᠤᠬᠤ ᠲᠠᠯᠠᠪᠤᠷ 5᠂ ᠪᠤᠶᠢᠺᠤ ᠪᠥᠮᠪᠦᠭᠡ ᠶᠢᠨ ᠲᠠᠯᠠᠪᠤᠷ ᠢ 2 ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶ ᠃       ᠲᠦᠷᠪᠡ᠂ ᠤᠯᠠᠨ ᠲᠦᠮᠡᠨ ᠤ ᠤᠷᠤᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠶᠢᠨ 8 ᠲᠦᠷᠦᠯ       26. ᠰᠢᠲᠠᠮᠠᠬᠠᠢ ᠬᠡᠢ᠂ ᠤᠰᠤ ᠬᠠᠩᠭᠠᠬᠤ ᠤᠰᠤ ᠲᠠᠲᠠᠷᠠᠭᠤᠯᠬᠤ᠂ ᠳᠤᠯᠠᠭᠠᠯᠠᠭ᠎ᠠ ᠬᠠᠩᠭᠠᠬᠤ ᠵᠡᠷᠭᠡ ᠬᠠᠭᠤᠴᠢᠷᠠᠭᠰᠠᠨ ᠬᠤᠭᠤᠯᠠᠢ ᠲᠣᠣᠷ ᠢ 61 ᠺᠢᠯᠣᠮᠧᠲᠷ ᠠᠴᠠ ᠳᠡᠭᠡᠭᠰᠢ ᠦᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶᠃       27. ᠬᠤᠲᠠ ᠶᠢᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠰᠤᠨ ᠰᠤᠷᠪᠤᠯᠵᠢ᠂ ᠤᠰᠤᠨ ᠤ ᠦᠢᠯᠡᠳᠪᠦᠷᠢ᠂ ᠬᠤᠭᠤᠯᠠᠶ ᠲᠤᠤᠷ᠂ ᠬᠤᠶᠠᠳᠠᠬᠢ ᠤᠰᠤ ᠬᠠᠩᠭᠠᠬᠤ ᠪᠡᠯᠡᠳᠬᠡᠮᠵᠢ ᠶᠢ ᠦᠭᠡᠷᠡᠴᠢᠯᠡᠵᠦ ᠰᠢᠨᠡᠳᠬᠡᠨ ᠲᠡᠭᠦᠯᠳᠡᠷᠵᠢᠭᠦᠯᠵᠦ᠂ ᠠᠷᠠᠳ ᠣᠯᠠᠨ ᠤ ᠠᠮᠤᠷ ᠲᠦᠪᠰᠢᠨ᠂ ᠰᠠᠨᠠᠭ᠎ᠠ ᠠᠮᠤᠷ᠂ ᠴᠡᠪᠡᠷ ᠰᠠᠶᠢᠨ ᠤᠰᠤ ᠤᠤᠭᠤᠬᠤ ᠶᠢ ᠦᠨᠡᠨᠬᠦ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃        28. ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 7 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ᠂ ᠬᠢᠯᠢ ᠳᠠᠭᠠᠤ ᠮᠠᠯᠵᠢᠬᠤ ᠣᠷᠣᠨ ᠳᠤ 172 ᠬᠤᠳᠳᠤᠭ ᠮᠠᠯᠲᠠᠵᠤ᠂ 20 ᠭᠠᠴᠠᠭ᠎ᠠ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶᠃        29. ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠶᠢ 3909 ᠡᠷᠦᠬᠡ ᠳᠤ ᠲᠠᠷᠬᠠᠭᠠᠵᠤ᠂ ᠬᠤᠲᠠ ᠪᠠᠯᠭᠠᠰᠤᠨ ᠤ 53 ᠬᠠᠭᠤᠴᠢᠨ ᠰᠠᠭᠤᠭᠠᠯᠢ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ 110 ᠡᠷᠦᠬᠡ ᠦᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃        30. ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠲᠡᠷᠭᠡᠨ ᠵᠤᠭᠰᠤᠭᠠᠯ ᠢ 300 ᠰᠢᠨ᠎ᠡ ᠪᠠᠷ ᠨᠡᠮᠡᠭᠳᠡᠬᠦᠯᠵᠦ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶᠂ ᠴᠠᠬᠢᠯᠭᠠᠨ ᠴᠡᠨᠡᠭᠯᠡᠬᠦ ᠱᠣᠩ ᠢ 200 ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ︶᠃        31. ᠬᠥᠳᠡᠭᠡ ᠲᠣᠰᠬᠤᠨ ᠤ ᠵᠠᠰᠠᠮᠠᠯ ᠵᠠᠮ ᠢ 160 ᠺᠢᠯᠤᠮᠧᠲᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ 125 ᠺᠢᠯᠤᠮᠧᠲᠷ ᠢ ᠠᠵᠢᠯ ᠳᠠᠭᠤᠰᠬᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ︶ ᠃       32. 24 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠢᠨᠵᠧᠨᠧᠷᠢᠩ ᠢ ᠪᠡᠶᠡᠯᠡᠭᠦᠯᠵᠦ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ 1687 ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶᠃        33. 50 ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠡᠷᠦᠬᠡ ᠶᠢᠨ ᠴᠠᠬᠢᠯᠭᠠᠨ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠨᠧᠷᠭᠢ ᠶᠢᠨ ᠲᠣᠪᠴᠢᠶ᠎ᠠ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ